5 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠦᠬᠡᠬᠤᠳᠠ ᠶᠢᠨ ᠠᠷᠪᠠᠨ ᠲᠦᠷᠪᠡᠳᠦᠬᠡᠷ ᠤᠳᠠᠭᠠᠨ ᠤ ︽ᠲᠠᠷᠬᠠᠨᠬᠡᠯᠡ︾ ᠢᠷᠠᠭᠤ ᠨᠠᠶᠢᠷᠠᠭ ᠤᠨ | ᠨᠠᠭᠠᠳᠤᠮ ᠤᠨ ᠱᠠᠩᠨᠠᠯ ᠤᠯᠭᠤᠬᠤ ᠶᠤᠰᠤᠯᠠᠯ ᠬᠦᠬᠡᠬᠤᠳᠠ ᠳᠤ ᠶᠠᠪᠤᠭᠳᠠᠪᠠ᠃ | | | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠤᠭᠳᠤᠵᠤ᠂ ᠬᠦᠬᠡᠬᠤᠳᠠ ᠵᠢᠨᠦᠨᠳᠦᠰᠦᠳᠡᠨ ᠤ ᠬᠡᠷᠡᠭ ᠡᠷᠬᠢᠯᠡᠬᠦ | ᠵᠦᠪᠯᠡᠯ᠂ ᠬᠦᠬᠡᠬᠤᠳᠠ ᠶᠢᠨ ᠰᠤᠷᠭᠠᠨ ᠬᠦᠮᠦᠵᠢᠯ ᠤᠨ ᠳᠤᠪᠴᠢᠶ᠎ᠠ᠂ ᠬᠦᠬᠡᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ ᠠᠴᠠ ᠭᠤᠤᠯᠯᠠᠨ | ᠡᠷᠬᠢᠯᠡᠭᠰᠡᠨ ᠠᠷᠪᠠᠨ ᠲᠦᠷᠪᠡᠳᠦᠬᠡᠷ ᠤᠳᠠᠭᠠᠨ ᠤ ︽ᠳᠠᠷᠬᠠᠨᠬᠡᠯᠡ︾ ᠢᠷᠠᠭᠤ ᠨᠠᠶᠢᠷᠠᠭ ᠤᠨ ᠨᠠᠭᠠᠳᠤᠮ ᠨᠢ ᠡᠯ᠎ᠠ ᠮᠤᠩᠭᠤᠯ ᠦᠨᠳᠦᠰᠦᠳᠡᠨ ᠤ ᠰᠤᠷᠭᠠᠭᠤᠯᠢ ᠪᠠ | ᠴᠡᠴᠡᠷᠯᠢᠭ ᠤᠨ ᠢᠳᠡᠪᠬᠢᠳᠡᠢ ᠤᠷᠤᠯᠴᠠᠭ᠎ᠠ ᠲᠠᠢ ᠪᠠᠷ ᠳᠡᠬᠦᠰ ᠠᠮᠵᠢᠯᠳᠠ ᠲᠠᠢ ᠶᠠᠪᠤᠭᠳᠠᠭᠰᠠᠨ ᠪᠠᠶᠢᠨ᠎ᠠ᠃ | ᠮᠤᠩᠭᠤᠯ ᠦᠰᠪᠦᠷᠢ ᠶᠢᠨ ᠪᠠᠭᠠᠴᠤᠤᠯ ᠤᠨ ᠡᠬᠡ ᠬᠡᠯᠡ ᠪᠠᠨ ᠰᠤᠷᠬᠤ ᠤᠷᠮ᠎ᠠ ᠪᠠᠬ᠎ᠠ ᠶᠢ ᠬᠦᠭᠵᠢᠬᠡᠵᠦ᠂ ᠮᠤᠩᠭᠤᠯᠦᠬᠡ ᠬᠡᠯᠡ ᠦᠰᠦᠭ | ᠪᠢᠴᠢᠭ ᠢᠶᠠᠨ ᠦᠪᠯᠡᠨ ᠤᠯᠠᠮᠵᠢᠯᠠᠵᠤ᠂ ᠡᠬᠡ ᠬᠡᠯᠡᠨ ᠤ ᠪᠠᠨ ᠤᠷ᠎ᠠ ᠠᠪᠢᠶᠠᠰ ᠢ ᠪᠠᠳᠠᠷᠠᠭᠤᠯᠬᠤ ᠳ᠋ᠤ᠋ᠲ᠋ᠠᠪᠴᠠᠩ ᠤᠯᠭᠤᠬᠤ ᠵᠤᠷᠢᠯᠭ᠎ᠠ ᠪᠠᠷ ᠵᠤᠬᠢᠶᠠᠨ | ᠪᠠᠶᠢᠭᠤᠯᠤᠭᠳᠠᠭᠰᠠᠨ ᠡᠨᠡ ᠤᠳᠠᠭ᠎ᠠ ᠶᠢᠨ ᠳᠠᠷᠬᠠᠨ ᠬᠡᠯᠡ ᠢᠷᠠᠭᠤ ᠨᠠᠶᠢᠷᠠᠭ ᠤᠨᠨᠠᠭᠠᠳᠤᠮ ᠤᠨ ᠰᠢᠢᠳᠪᠦᠷᠢᠳᠤ ᠤᠷᠤᠯᠳᠤᠭᠠᠨ ᠳᠤ ᠬᠦᠬᠡᠬᠤᠳᠠ ᠤᠷᠤᠨ ᠠᠴᠠ | 121 ᠤᠷᠤᠯᠴᠠᠭᠴᠢ ᠤᠷᠤᠯᠴᠠᠵᠤ᠂ ᠪᠤᠰᠤᠳᠠᠶᠢᠮᠠᠭ ᠬᠤᠳᠠ ᠠᠴᠠ 22 ᠤᠷᠤᠯᠴᠠᠭᠴᠢ ᠤᠷᠤᠯᠴᠠᠵᠠᠢ᠃ ᠤᠷᠤᠯᠳᠤᠭᠠᠨ ᠨᠢ ᠬᠡᠦᠬᠡᠳ ᠤᠨ ᠴᠡᠴᠡᠷᠯᠢᠭ᠂ | ᠪᠠᠭ᠎ᠠ ᠰᠤᠷᠭᠠᠭᠤᠯᠢ᠂ᠠᠩᠬ᠎ᠠ ᠳᠤᠮᠳᠠᠳᠤ᠂ ᠦᠨᠳᠦᠷ ᠳᠤᠮᠳᠠᠳᠤ᠂ ᠮᠤᠩᠭᠤᠯ ᠬᠡᠯᠡ ᠨᠡᠮᠡᠵᠦ ᠰᠤᠷᠬᠤ ᠠᠩᠬᠢ ᠳᠠᠪᠤᠨ ᠪᠠᠭ ᠬᠤᠪᠢᠶᠠᠵᠤ ᠶᠠᠪᠤᠭᠳᠠᠭᠰᠠᠨᠪᠠᠶᠢᠨᠠ᠃ | 2006 ᠤᠨ ᠳᠤ ᠠᠩᠬᠠᠳᠤᠭᠠᠷ ᠤᠳᠠᠭ᠎ᠠ ᠪᠠᠨ ᠡᠷᠬᠢᠯᠡᠭᠰᠡᠨ ︽ᠳᠠᠷᠬᠠᠨ ᠬᠡᠯᠡ︾ ᠢᠷᠠᠭᠤ ᠨᠠᠶᠢᠷᠠᠭ ᠤᠨᠨᠠᠭᠠᠳᠤᠮ ᠨᠢ ᠨᠢᠬᠡᠨᠳᠡ 14 ᠵᠢᠯ ᠤᠨ | ᠨᠢᠭᠤᠷ ᠢ ᠦᠵᠡᠵᠦ᠂ 5000 ᠭᠠᠷᠤᠢ ᠬᠦᠮᠦᠨ ᠡᠨᠡ ᠬᠦ ᠳᠠᠪᠴᠠᠩ ᠢᠶᠠᠷ ᠢᠷᠠᠭᠤᠭᠠᠶᠢᠬᠠᠮᠰᠢᠭᠳᠤ ᠡᠬᠡ ᠬᠡᠯᠡᠨ ᠤ ᠤᠷ᠎ᠠ ᠠᠪᠢᠶᠠᠰ ᠢᠶᠠᠨ | ᠭᠠᠶᠢᠬᠠᠭᠤᠯᠤᠭᠰᠠᠨ ᠶᠤᠮ᠃ | |