ᠣᠶᠢᠷ᠎ᠠ ᠳᠤ᠂ ᠥᠪᠦᠷ ᠮᠣᠩᠭᠤᠯ ᠤᠨ ᠨᠡᠯᠢᠶᠡᠳ ᠣᠯᠠᠨ ᠮᠠᠯᠴᠢᠨ ︽ᠪᠡᠯᠴᠢᠭᠡᠷ ᠤᠨ ᠤᠷᠠᠨ | ᠡᠵᠡᠩᠨᠡᠯᠳᠡ︾(“智慧草场”) ᠭᠡᠭᠴᠢ ᠨᠢᠭᠡᠨ APP ᠶᠢ ᠭᠠᠷ ᠤᠳᠠᠰᠤᠨ ᠳᠠᠭᠠᠨ ᠪᠠᠭᠤᠯᠭᠠᠭᠰᠠᠨ | ᠶᠤᠮ᠃ ᠳᠤᠰ APP ᠨᠢ ᠮᠠᠯᠴᠢᠳ ᠤᠨ ᠪᠡᠯᠴᠢᠭᠡᠷ ᠤᠰᠤᠨ ᠤ ᠳᠠᠯᠠᠪᠠᠢ᠂ ᠮᠠᠯ ᠰᠦᠷᠦᠭ ᠤᠨ ᠳᠦᠷᠦᠯ ᠵᠦᠢᠯ᠂ | ᠲᠤᠭ᠎ᠠ ᠲᠤᠯᠤᠭᠠᠢ ᠵᠡᠷᠭᠡ ᠮᠡᠳᠡᠭᠡᠵᠠᠩᠭᠢ ᠵᠢᠴᠢ ᠪᠡᠯᠴᠢᠭᠡᠷ ᠤᠨ ᠭᠡᠷᠡᠯ ᠵᠢᠷᠤᠭ ᠢ ᠦᠨᠳᠦᠰᠦᠯᠡᠵᠥ᠂ ᠮᠠᠯᠴᠢᠳ ᠲᠤ | ᠳᠣᠬᠠᠢ ᠶᠢᠨ ᠪᠡᠯᠴᠢᠭᠡᠷ ᠢᠶᠠᠨ ᠬᠢᠷᠬᠢᠨ ᠡᠵᠡᠩᠨᠡᠨᠬᠠᠮᠢᠶᠠᠷᠬᠤ ᠳᠤᠬᠠᠢ ᠰᠢᠨᠵᠢᠯᠡᠬᠦ ᠤᠬᠠᠭᠠᠨᠴᠢ ᠰᠠᠨᠠᠯ ᠰᠠᠨᠠᠭᠤᠯᠭ᠎ᠠ | ᠦᠭᠳᠡᠭ᠃ ᠮᠠᠯᠴᠢᠳ ᠲᠤᠰ APP ᠠᠴᠠ ᠦᠭᠭᠦᠭᠰᠡᠨᠵᠥ᠋ᠪᠯᠡᠯᠭᠡ ᠶᠢ ᠦᠨᠳᠦᠰᠥᠯᠡᠵᠥ᠂ ᠮᠠᠯ ᠮᠠᠯᠵᠢᠬᠤ | ᠳᠦᠯᠥᠪᠯᠡᠭᠡ ᠪᠠᠨ ᠴᠠᠭ ᠳᠤᠬᠠᠢ ᠳᠤᠨᠢ ᠵᠤᠬᠢᠴᠠᠭᠤᠯᠵᠤ᠂ ᠳᠠᠭᠠᠭᠠᠴᠠ ᠠᠴᠠ ᠨᠢᠲ᠋ᠠᠪᠠᠭᠤᠯᠵᠦ ᠮᠠᠯᠵᠢᠬᠤ ᠠᠴᠠ | ᠪᠣᠯᠣᠭᠰᠠᠨ ᠪᠡᠯᠴᠢᠭᠡᠷ ᠡᠪᠡᠰᠥᠨ ᠤ ᠡᠪᠳᠡᠭᠳᠡᠯ ᠢ ᠤᠷᠢᠳᠴᠢᠯᠠᠨ ᠰᠡᠷᠭᠡᠶᠢᠯᠡᠵᠥ ᠪᠣᠯᠣᠨ᠎ᠠ᠃ᠮᠠᠯᠴᠢᠳ ᠥᠪᠡᠷ | ᠤᠨ ᠡᠪᠡᠰᠥ ᠪᠡᠯᠴᠢᠭᠡᠷ ᠤᠨ ᠳᠠᠯᠠᠪᠠᠢ ᠶᠢ ᠳᠤᠳᠤᠷᠬᠠᠢ ᠮᠡᠳᠡᠭᠦ ᠦᠭᠡᠢ ᠪᠠᠶᠢᠳᠠᠯ ᠳᠤ᠂ ᠭᠠᠷ ᠤᠳᠠᠰᠤ | ᠪᠠᠨᠪᠠᠷᠢᠭᠠᠳ ᠪᠡᠯᠴᠢᠭᠡᠷ ᠢᠶᠠᠨ ᠨᠢᠭᠡ ᠳᠣᠭᠤᠷᠢᠬᠤ ᠳᠤ᠂ ᠲᠤᠰ APP ᠳᠡᠷᠡ ᠳᠠᠷᠤᠶᠢᠬᠠᠨ ᠪᠡᠯᠴᠢᠭᠡᠷ ᠤᠨ | ᠳᠠᠯᠠᠪᠠᠢ ᠵᠢᠪᠦ᠋ᠷᠢᠳᠭᠡᠵᠦ ᠭᠠᠷᠭᠠᠳᠠᠭ᠃ | | | ᠣᠶᠢᠷ᠎ᠠ ᠶᠢᠨ ᠡᠳᠦᠷ᠂ ᠬᠢᠨᠠᠨ ᠰᠢᠯᠭᠠᠬᠤ ᠮᠡᠷᠭᠡᠵᠢᠯᠳᠡᠳ ᠤᠨ ᠳᠤᠭᠤᠶᠢᠯᠠᠩ ᠠᠴᠠ ︽ᠦᠪᠦᠷ ᠮᠣᠩᠭᠤᠯ ᠤᠨ | ᠡᠪᠡᠰᠥᠪᠡᠯᠴᠢᠭᠡᠷ ᠢ ᠲᠤᠭᠠᠴᠢᠯᠠᠭᠰᠠᠨ ᠮᠡᠷᠭᠡᠵᠢᠯ ᠢᠶᠠᠷ ᠡᠵᠡᠩᠨᠡᠨ ᠬᠠᠮᠢᠶᠠᠷᠬᠤ ᠳᠦᠷᠦᠯ ᠵᠦᠢᠯ︾ ᠢ ᠬᠢᠨᠠᠨ | ᠰᠢᠯᠭᠠᠭᠰᠠᠨ ᠤ ᠳᠠᠷᠠᠭ᠎ᠠ᠂ᠳᠤᠰ ᠳᠦᠷᠦᠯ ᠵᠦᠢᠯ ᠨᠢ ᠨᠢᠭᠡ ᠳᠠᠯ᠎ᠠ ᠪᠠᠷ ᠡᠪᠡᠰᠥ ᠪᠡᠯᠴᠢᠭᠡᠷ ᠤᠨ ᠦᠢᠯᠡᠳᠪᠦᠷᠢᠯᠡᠯ | ᠤᠨ ᠳᠠᠯᠳᠠ ᠬᠦᠴᠦᠨ᠂ ᠭᠠᠷᠤᠯᠳᠠ ᠵᠢᠨᠪᠠᠶᠢᠳᠠᠯ ᠵᠡᠷᠭᠡ ᠢ ᠭᠦᠨᠵᠡᠭᠡᠢ ᠵᠠᠳᠠᠯᠤᠭᠰᠠᠨ ᠤ ᠰᠠᠭᠤᠷᠢᠨ ᠳᠡᠭᠡᠷ᠎ᠡ᠂ | ᠪᠡᠯᠴᠢᠭᠡᠷ ᠤᠨ ᠳᠡᠵᠢᠭᠡᠯ ᠡᠪᠡᠰᠥᠨ ᠤ ᠨᠦᠭᠡᠴᠡ ᠪᠣᠯᠣᠨ ᠮᠠᠯᠠᠵᠤ ᠠᠬᠤᠢ ᠳᠤ ᠱᠠᠭᠠᠷᠳᠠᠭᠳᠠᠬᠤ ᠤᠯᠠᠷᠢᠯ ᠤᠨ ᠴᠢᠨᠠᠷ | ᠲᠠᠢ ᠵᠢᠮ᠎ᠡ ᠬᠠᠣᠯᠢ ᠶᠢ ᠰᠤᠳᠤᠯᠵᠤ᠂ ᠪᠤᠭᠤᠨᠢ ᠬᠤᠭᠤᠴᠠᠭ᠎ᠠ ᠳᠠᠢᠰᠡᠯᠭᠦᠨ ᠮᠠᠯᠵᠢᠬᠤ ᠪᠠ ᠰᠡᠯᠭᠦᠨ ᠮᠠᠯᠵᠢᠯ ᠤᠨ | ᠬᠤᠭᠤᠴᠠᠭᠠᠨ ᠳᠤ ᠳᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠨ ᠳᠡᠵᠢᠭᠡᠯᠡᠪᠡᠰᠥ ᠬᠠᠩᠭᠠᠬᠤ ᠮᠠᠯ ᠠᠵᠤ | ᠠᠬᠤᠢ ᠶᠢᠨ ᠡᠵᠡᠩᠨᠡᠯᠳᠡ ᠶᠢᠨ ᠪᠦᠳᠦᠭᠡᠯᠴᠢ ᠬᠡᠪ ᠵᠠᠭᠪᠦᠷ ᠢ ᠪᠤᠢ ᠪᠤᠯᠭᠠᠵᠤ ᠴᠢᠳᠠᠭᠰᠠᠨ ᠪᠥᠭᠡᠳᠨᠦ᠋ᠭᠦᠭᠡ ᠳᠠᠯ᠎ᠠ | ᠪᠠᠷ ᠮᠠᠯ ᠠᠵᠤ ᠠᠬᠤᠢ ᠶᠢᠨ ᠦᠢᠯᠡᠳᠪᠦᠷᠢᠯᠡᠯ᠂ ᠮᠠᠯᠴᠢᠳ ᠤᠨ ᠠᠮᠢᠳᠤᠷᠠᠯ ᠪᠠ ᠪᠡᠯᠴᠢᠭᠡᠷ ᠤᠨ ᠠᠮᠢ ᠠᠬᠤᠢ | ᠵᠢᠨᠠᠮᠤᠷ ᠳᠦᠪᠰᠢᠨ ᠤ ᠬᠤᠭᠤᠷᠤᠨᠳᠤᠬᠢ ᠵᠦᠷᠢᠴᠡᠯ ᠢ ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠵᠥ᠂ ᠪᠡᠯᠴᠢᠭᠡᠷ | ᠤᠨ ᠮᠠᠯ ᠠᠵᠤᠠᠬᠤᠢ ᠶᠢᠨ ᠲᠤᠭᠳᠠᠪᠤᠷᠢᠳᠡᠢ ᠬᠦᠭᠵᠢᠯᠳᠡ ᠶᠢᠨ ᠠᠭᠤᠯᠤᠭᠳᠠᠬᠤᠨ ᠶᠢ ᠪᠠᠶᠠᠯᠢᠭᠵᠢᠭᠤᠯᠤᠭᠰᠠᠨ | ᠪᠠᠶᠢᠨ᠎ᠠ ᠭᠡᠵᠦ ᠦᠨᠡᠯᠡᠵᠡᠢ᠃︽ᠪᠡᠯᠴᠢᠭᠡᠷ ᠤᠨ ᠤᠷᠠᠨ ᠡᠵᠡᠩᠨᠡᠯᠳᠡ︾ ᠭᠡᠬᠦ ᠭᠠᠷ ᠤᠳᠠᠰᠤᠨ ᠤ APP ᠶᠢ ᠡᠪᠡᠰᠥ | ᠪᠡᠯᠴᠢᠭᠡᠷ ᠤᠨ ᠦᠢᠯᠡᠳᠪᠦᠷᠢᠯᠡᠯ ᠤᠨᠬᠦ᠋ᠴᠦᠨ ᠤ ᠦᠨᠡᠯᠡᠯᠲᠡ ᠪᠠ ᠮᠠᠯᠵᠢᠯ ᠤᠨ ᠳᠦᠯᠥᠪᠯᠡᠭᠡ ᠭᠠᠷᠭᠠᠬᠤ ᠳᠤ | ᠠᠰᠢᠭᠯᠠᠵᠤ᠂ ᠲᠡᠷᠡ ᠨᠢ ᠰᠢᠨᠵᠢᠯᠡᠬᠦ ᠤᠬᠠᠭᠠᠨᠴᠢ ᠪᠠᠵᠦ᠋ᠢ ᠵᠣᠬᠢᠰᠲᠠᠢ ᠪᠠᠷ ᠡᠪᠡᠰᠥ ᠪᠡᠯᠴᠢᠭᠡᠷ ᠪᠣᠯᠣᠨ ᠮᠠᠯ | ᠰᠦᠷᠦᠭ ᠢᠶᠠᠨ ᠡᠵᠡᠩᠨᠡᠨ ᠬᠠᠮᠢᠶᠠᠷᠬᠤ ᠳᠤ ᠳᠦᠬᠦᠮ ᠦᠵᠡᠭᠦᠯᠬᠦᠪᠤᠯᠤᠨᠠ᠃ | ᠤᠩᠭᠤᠨ ᠪᠠᠶᠢᠭᠠᠯᠢ ᠶᠢ ᠬᠠᠮᠠᠭᠠᠯᠠᠬᠤ ᠨᠡᠶᠢᠭᠡᠮᠯᠢᠭ ︵TNC︶ ᠤᠨ ᠦᠪᠦᠷ ᠮᠣᠩᠭᠤᠯ ᠳᠠᠬᠢ ᠳᠦᠷᠦᠯ | ᠵᠦᠢᠯ ᠤᠨᠠᠬᠠᠯᠠᠭᠴᠢ ᠬᠠᠷᠢᠭᠤᠴᠠᠯᠭᠠᠲᠠᠨ ᠬᠤ᠋ ᠶᠠᠩ ᠤᠨ ᠳᠠᠨᠢᠯᠴᠠᠭᠤᠯᠤᠭᠰᠠᠨ ᠢᠶᠠᠷ᠂ ᠳᠤᠰ APP ᠨᠢ | ᠮᠥᠨᠴᠥ ᠮᠠᠯᠴᠢᠳ ᠲᠤ᠋ᠬᠠᠪᠰᠣᠷᠣᠨ ᠡᠪᠦᠯ ᠤᠨ ᠦᠶ᠎ᠡ ᠳᠤ ᠬᠡᠷᠡᠭᠰᠡᠬᠦ ᠮᠠᠯ ᠤᠨ ᠳᠡᠵᠢᠭᠡᠯ ᠡᠪᠡᠰᠥᠨ ᠤ ᠬᠡᠮᠵᠢᠶ᠎ᠡ ᠶᠢ | ᠪᠠᠷᠤᠭᠴᠠᠭᠠᠯᠠᠨ ᠪᠣᠳᠤᠬᠤ ᠴᠢᠳᠠᠪᠬᠢᠲ᠋ᠠᠢ ᠪᠠᠶᠢᠳᠠᠭ᠃ ᠮᠠᠯᠴᠢᠳ APP ᠪᠠᠷ ᠳᠠᠮᠵᠢᠨ ᠦᠪᠡᠷ ᠤᠨ ᠪᠡᠯᠴᠢᠭᠡᠷ ᠠᠴᠠ | ᠬᠠᠳᠤᠵᠤ ᠪᠤᠯᠬᠤ ᠡᠪᠡᠰᠥᠨ ᠤ ᠬᠡᠮᠵᠢᠶ᠎ᠡ ᠪᠠᠮᠡᠯ ᠳᠤ ᠬᠡᠷᠡᠭᠰᠡᠬᠦ ᠡᠪᠦᠯ ᠤᠨ ᠳᠡᠵᠢᠭᠡᠯ ᠡᠪᠡᠰᠥᠨ ᠤ ᠶᠡᠷᠥᠩᠭᠡᠢ | ᠬᠡᠮᠵᠢᠶ᠎ᠡ ᠶᠢ ᠪᠠᠷᠤᠭᠴᠠᠭᠠᠯᠠᠨ ᠪᠤᠳᠤᠵᠤ᠂ ᠬᠡᠷᠪᠡ ᠡᠨᠡ ᠬᠤᠶᠠᠷᠵᠦ᠋ᠢᠯ ᠤᠨ ᠳᠤᠭ᠎ᠠ ᠪᠠᠷᠢᠮᠳᠠ ᠨᠢ ᠬᠠᠷᠢᠯᠴᠠᠨ | ᠵᠣᠬᠢᠴᠠᠯᠳᠤᠬᠤ ᠦᠭᠡᠢ ᠪᠠᠶᠢᠳᠠᠯ ᠳᠤ᠂ ᠮᠠᠯᠴᠢᠳ APP ᠲᠡᠭᠡᠷ᠎ᠡ ᠳ᠋ᠦᠩᠨᠡᠵᠦᠭᠠᠷᠭᠠᠭᠰᠠᠨ ᠰᠠᠨᠠᠭᠤᠯᠭ᠎ᠠ ᠶᠢ | ᠦᠨᠳᠦᠰᠦᠯᠡᠵᠦ ᠡᠪᠡᠰᠥ ᠪᠤᠷᠳᠤᠭ᠎ᠠ ᠪᠠᠨ ᠬᠤᠳᠠᠯᠳᠤᠨ ᠠᠪᠴᠤ ᠪᠣᠯᠳᠠᠭ᠃ ᠡᠭᠦᠨ ᠡᠴᠠᠭᠠᠳᠠᠨ᠎ᠠ᠂ ᠳᠤᠰ | APP ᠨᠢ ᠪᠠᠰᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠡᠪᠡᠰᠥ ᠪᠡᠯᠴᠢᠭᠡᠷ ᠤᠨ ᠬᠠᠮᠢᠶᠠᠷᠤᠯᠳᠠ ᠵᠢᠨᠠᠵᠢᠯ | ᠢ ᠨᠡᠩ ᠤᠷᠤᠭᠰᠢᠲᠠᠢ ᠦᠷᠨᠢᠭᠦᠯᠬᠦ ᠳᠤ ᠬᠠᠪᠰᠤᠷᠤᠯᠭ᠎ᠠ ᠦᠵᠡᠭᠦᠯᠵᠦ ᠴᠢᠳᠠᠳᠠᠭ᠃ | ︽ᠪᠡᠯᠴᠢᠭᠡᠷ ᠤᠨ ᠤᠷᠠᠨ ᠡᠵᠡᠩᠨᠡᠯᠳᠡ︾ APP ᠨᠢ ᠨᠢᠭᠡᠨᠳᠡ ᠤᠯᠤᠰ ᠤᠨ ᠰᠤᠹᠲ ᠵᠣᠬᠢᠶᠠᠬᠤ ᠡᠷᠬᠡ | ᠲᠠᠢᠪᠤᠯᠵᠦ᠂ ᠤᠳᠤᠬᠠᠨ ᠳᠤ ᠮᠥᠨ ᠯᠡ ᠳᠤᠷᠰᠢᠨ ᠬᠡᠷᠡᠭᠯᠡᠬᠦ ᠬᠤᠭᠤᠴᠠᠭᠠᠨ ᠳᠠᠭᠠᠨ ᠪᠤᠢ᠃ ᠬᠡᠷᠡᠭᠯᠡᠭᠴᠢ ᠶᠢᠨ | ᠨᠡᠮᠡᠭᠳᠡᠯ ᠪᠠᠦᠨᠳᠦᠰᠥᠨ ᠳᠤᠭ᠎ᠠ ᠪᠠᠷᠢᠮᠳᠠ ᠶᠢᠨ ᠰᠠᠩ ᠤᠨ ᠡᠯᠪᠡᠭᠵᠢᠭᠦ ᠶᠢ ᠳᠠᠭᠠᠯᠳᠤᠨ᠂ ᠲᠤᠬᠠᠢ ᠶᠢᠨ ᠰᠤᠹᠲ | ᠨᠢ ᠤᠯᠠᠮ ᠳᠡᠭᠦᠯᠳᠡᠷᠵᠢᠨᠰᠠᠶᠢᠵᠢᠷᠠᠬᠤ ᠨᠢ ᠭᠠᠷᠴᠠᠭ᠎ᠠ ᠦᠭᠡᠢ ᠪᠢᠯᠡ᠃ |