︽︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠵᠢᠯ ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠬᠡᠪᠯᠡᠭᠦᠯᠦᠨ ᠲᠠᠷᠬᠠᠭᠠᠪᠠ
ᠨᠡᠶᠢᠲᠡᠯᠡᠭᠰᠡᠨ ᠴᠠᠭ᠄
2019/5/6
ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 5 ᠳ᠋ᠤᠭᠠᠷ ᠰᠠᠷ᠎ᠠ ᠶᠢᠨ 6 ᠤ ᠡᠳᠦᠷ ᠤᠨ ᠮᠡᠳᠡᠭᠡ᠄      ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠤᠭᠰᠠᠨ ︽︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠵᠢᠯ ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠭᠡᠰᠡᠨ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶᠠᠨ ᠠᠴᠠ ᠬᠡᠪᠯᠡᠭᠦᠯᠦᠨ ᠤᠯᠤᠰ ᠳᠠᠶᠠᠭᠠᠷ ᠲᠠᠷᠬᠠᠭᠠᠭᠰᠠᠨ ᠪᠠᠶᠢᠨ᠎ᠠ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠲᠥᠷᠥ ᠶᠢᠨ ᠠᠵᠢᠯ ᠦᠢᠯᠡᠰ ᠤᠨ ᠶᠡᠭᠡ ᠲᠠᠯ᠎ᠠ ᠠᠴᠠ ᠡᠭᠦᠰᠴᠦ᠂ ︽ᠬᠤᠣᠰ ᠵᠠᠭᠤᠨ︾ ᠤ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠴᠠ ᠭᠠᠷᠳᠠᠵᠤ᠂ ᠲᠦᠭ ᠲᠦᠮᠡᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯᠡᠯ ᠢ ᠴᠤᠤᠷᠢᠶᠠᠲᠤᠨ ᠳᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠂ ᠰᠢᠨ᠎ᠡ ᠴᠠᠭ ᠦᠶ᠎ᠡ  ᠳᠤ ︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠵᠢᠯ ᠢ ᠰᠠᠶᠢᠨ ᠬᠢᠬᠦ ᠶᠢᠨ ᠶᠡᠷᠦᠩᠬᠡᠢ ᠪᠠᠷᠢᠮᠲᠠᠯᠠᠯ ᠪᠣᠯᠣᠨ᠎ᠠ᠃ ︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠰᠠᠭᠤᠳᠠᠯ ᠪᠣᠯ ᠤᠯᠤᠰ ᠣᠷᠣᠨ ᠤ ᠪᠣᠳᠣᠯᠭ᠎ᠠ ᠠᠷᠠᠳ ᠢᠷᠭᠡᠳ ᠤᠨ ᠠᠮᠢᠳᠤᠷᠠᠯ ᠲᠠᠢ ᠬᠤᠯᠪᠣᠭᠳᠠᠭᠰᠠᠨ ᠦᠨᠳᠦᠰᠦᠨ ᠴᠢᠨᠠᠷᠲᠠᠢ ᠠᠰᠠᠭᠤᠳᠠᠯ ᠪᠣᠯᠣᠨ᠎ᠠ᠃ ᠨᠠᠮ ᠤᠨ 18 ᠳ᠋ᠤᠭᠠᠷ ᠶᠡᠭᠡ ᠬᠤᠷᠠᠯ ᠠᠴᠠ ᠨᠠᠭᠠᠰᠢ᠂ ᠨᠥᠬᠦᠷ ᠰᠢ ᠶᠢᠨ ᠫᠢᠩ ︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠰᠠᠭᠤᠳᠠᠯ ᠢ ᠰᠠᠶᠢᠨ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠡᠨᠡ ᠠᠵᠢᠯ ᠤᠨ ᠣᠨᠣᠯ᠂ ᠦᠢᠯᠡᠳᠦᠯᠭᠡ᠂ ᠳᠦᠷᠢᠮ ᠤᠨ ᠲᠠᠯ᠎ᠠ ᠪᠠᠷ ᠡᠭᠦᠳᠦᠯᠲᠡ ᠰᠢᠨᠡᠴᠢᠯᠡᠯᠲᠡ ᠬᠢᠬᠦ ᠶᠢ ᠲᠠᠰᠤᠷᠠᠯᠲᠠ ᠦᠭᠡᠢ ᠠᠬᠢᠭᠤᠯᠵᠤ᠂ ᠬᠥᠳᠡᠭᠡ ᠠᠵᠤ ᠠᠬᠤᠢ᠂ ᠬᠥᠳᠡᠭᠡ ᠲᠣᠰᠬᠤᠨ ᠤ ᠬᠥᠭᠵᠢᠯᠲᠡ  ᠶᠢᠨ ᠲᠡᠦᠬᠡᠲᠦ ᠴᠢᠨᠠᠷᠲᠠᠢ ᠦᠷ᠎ᠡ ᠪᠦᠲᠦᠮᠵᠢ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠬᠤ ᠶᠢ ᠠᠬᠢᠭᠤᠯᠤᠭᠰᠠᠨ ᠪᠠᠶᠢᠨ᠎ᠠ᠃ ︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠵᠢᠯ ᠤᠨ ᠲᠤᠬᠠᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠬᠤ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠢ ᠪᠢᠳᠠᠨ ᠤ ᠲᠤᠯᠭᠠᠮ᠎ᠠ ᠰᠡᠳᠬᠢᠯᠭᠡ ᠪᠠ ᠡᠭᠦᠷᠭᠡ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠵᠤ᠂ ᠨᠡᠩ ᠶᠡᠭᠡ ᠰᠢᠢᠳᠪᠦᠷᠢ ᠵᠣᠷᠢᠭ᠂ ᠨᠡᠩ ᠲᠣᠳᠣᠷᠬᠠᠢ ᠬᠠᠷᠠᠯᠲᠠ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠴᠠᠭ ᠦᠶ᠎ᠡ ᠳᠠᠬᠢ ︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠵᠢᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠵᠢᠯ ᠤᠨ ᠲᠠᠯ᠎ᠠ ᠪᠠᠷ ᠰᠢᠨ᠎ᠡ ᠬᠠᠭᠤᠳᠠᠰᠤ ᠶᠢ ᠪᠢᠴᠢᠭᠯᠡᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃      ︽ᠥᠭᠦᠯᠡᠯᠲᠡ ᠶᠢᠨ ᠲᠡᠭᠦᠪᠦᠷᠢ︾ ᠨᠢ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ︔ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠰᠢᠰᠲ᠋ᠧᠮ ᠪᠣᠯᠣᠨ ᠳᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠶᠢ ᠠᠬᠢᠭᠤᠯᠬᠤ︔ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︔ ᠤᠯᠤᠰ ᠣᠷᠣᠨ ᠤ ᠬᠦᠨᠡᠰᠦᠨ ᠠᠮᠤ ᠶᠢᠨ ᠠᠶᠤᠯ ᠦᠭᠡᠢ ᠪᠠᠶᠢᠬᠤ ᠶᠢ ᠪᠠᠲᠤᠯᠠᠵᠤ᠂ ᠥᠪᠡᠷ ᠢᠶᠠᠨ ᠥᠪᠡᠷ ᠢ ᠢᠶᠠᠨ ᠬᠠᠩᠭᠠᠬᠤ︔ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︔ ᠪᠣᠬᠢᠷᠲᠤᠯ ᠦᠭᠡᠢ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ ᠳᠠᠭᠠᠭᠤᠯᠬᠤ︔ ᠲᠠᠷᠢᠶᠠᠯᠠᠬᠤ ᠰᠣᠶᠣᠯ ᠢ ᠤᠯᠠᠮᠵᠢᠯᠠᠨ ᠬᠥᠭᠵᠢᠭᠦᠯᠵᠦ ᠰᠢᠯᠢᠳᠡᠭᠵᠢᠭᠦᠯᠬᠦ︔ ᠬᠥᠳᠡᠭᠡ ᠲᠣᠰᠬᠤᠨ ᠢ ᠵᠠᠰᠠᠨ ᠴᠡᠭᠴᠡᠯᠡᠬᠦ ᠲᠠᠯ᠎ᠠ ᠪᠠᠷ ᠡᠭᠦᠳᠦᠯᠲᠡ ᠰᠢᠨᠡᠴᠢᠯᠡᠯᠲᠡ ᠬᠢᠬᠦ ᠪᠠᠨ ᠴᠢᠩᠭᠠᠷᠠᠭᠤᠯᠬᠤ︔ ᠮᠠᠯᠴᠢᠨ ᠲᠠᠷᠢᠶᠠᠴᠢᠨ ᠤ ᠠᠵᠢᠯ ᠣᠯᠭᠤᠯᠲᠠ ᠪᠠ ᠠᠳᠠᠯ ᠦᠢᠯᠡᠰ ᠪᠣᠰᠬᠠᠬᠤ ᠶᠢ ᠵᠣᠷᠢᠭᠵᠢᠭᠤᠯᠤᠨ ᠳᠡᠮᠵᠢᠵᠦ᠂ ᠣᠷᠣᠯᠭ᠎ᠠ ᠶᠢᠨ ᠨᠡᠮᠡᠭᠳᠡᠯ ᠤᠨ ᠠᠷᠭ᠎ᠠ ᠶᠢ ᠥᠷᠭᠡᠳᠬᠡᠬᠦ︔ ᠬᠥᠳᠡᠭᠡ ᠲᠣᠰᠬᠤᠨ ᠤ ᠶᠠᠳᠠᠭᠤ ᠬᠦᠴᠢᠷᠲᠡᠢ ᠬᠥᠮᠥᠨ ᠢ ᠶᠠᠳᠠᠭᠤ ᠠᠴᠠ ᠨᠢ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ  ᠤᠨ ᠲᠠᠯ᠎ᠠ ᠪᠠᠷ ᠵᠠᠪᠠᠯ ᠢᠯᠠᠯᠲᠠ ᠪᠠᠶᠢᠭᠤᠯᠬᠤ︔ ︿ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ﹀ ᠤ ᠠᠵᠢᠯ ᠤᠨ ᠲᠠᠯ᠎ᠠ ᠪᠠᠷ ᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ 11 ᠲᠤᠰᠬᠠᠢ ᠰᠡᠳᠦᠪ ᠢᠶᠠᠷ ᠪᠦᠷᠢᠯᠳᠦᠭᠰᠡᠨ ᠶᠤᠮ᠃ ᠡᠨᠡ ᠨᠣᠮ ᠳᠤ 286 ᠬᠡᠰᠡᠭ ᠥᠭᠦᠯᠡᠯᠲᠡ ᠶᠢ ᠪᠠᠭᠲᠠᠭᠠᠵᠤ᠂ ᠨᠥᠬᠦᠷ ᠰᠢ ᠶᠢᠨ ᠫᠢᠩ ᠤᠨ 2012 ᠣᠨ ᠤ 12 ᠳ᠋ᠤᠭᠠᠷ ᠰᠠᠷ᠎ᠠ ᠠᠴᠠ 2019 ᠣᠨ ᠤ 3 ᠳ᠋ᠤᠭᠠᠷ ᠰᠠᠷ᠎ᠠ ᠶᠢᠨ ᠬᠤᠭᠤᠷᠣᠨᠳᠤ ᠬᠢᠭᠰᠡᠨ ᠶᠠᠷᠢᠶ᠎ᠠ᠂ ᠢᠯᠡᠳᠬᠡᠯ᠂ ᠵᠢᠭᠠᠪᠤᠷᠢ᠂ ᠪᠠᠶᠠᠷ ᠤᠨ ᠵᠠᠬᠢᠳᠠᠯ ᠵᠡᠷᠭᠡ 70 ᠭᠠᠷᠤᠢ ᠴᠢᠬᠤᠯᠠ ᠲᠤᠯᠭᠤᠷ ᠪᠢᠴᠢᠭ ᠠᠴᠠ ᠲᠡᠭᠦᠪᠦᠷᠢᠯᠡᠨ ᠣᠷᠣᠭᠤᠯᠤᠭᠰᠠᠨ ᠪᠠᠶᠢᠨ᠎ᠠ᠃ ᠡᠭᠦᠨ ᠤ ᠳᠣᠲᠣᠷᠠᠬᠢ ᠣᠯᠠᠩᠬᠢ ᠥᠭᠦᠯᠡᠯᠲᠡ ᠶᠢ ᠨᠢ ᠠᠩᠬ᠎ᠠ ᠤᠳᠠᠭ᠎ᠠ ᠢᠯᠠ ᠨᠡᠶᠢᠲᠡᠯᠡᠵᠦ ᠪᠠᠶᠢᠭ᠎ᠠ ᠶᠤᠮ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ