ᠥᠪᠥᠷ ᠮᠣᠩᠭᠤᠯ ᠤᠨ ᠬᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠬᠥᠭᠵᠢᠯᠲᠡ ᠪᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ  ᠢ ᠨᠡᠩ ᠣᠨᠣᠪᠴᠢᠲᠠᠢ ᠪᠣᠯᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019-05-07
ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 5 ᠳ᠋ᠤᠭᠠᠷ ᠰᠠᠷ᠎ᠠ ᠶᠢᠨ 6 ᠤ ᠡᠳᠦᠷ ᠤᠨ ᠮᠡᠳᠡᠭᠡ᠄      ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠰᠠᠭᠤᠷᠢ ᠪᠣᠯᠭᠠᠵᠤ᠂ ᠡᠯ᠎ᠡ ᠵᠦᠢᠯ ᠤᠨ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠦᠨᠡᠨ ᠬᠦ ᠣᠨᠣᠪᠴᠢᠲᠠᠢ ᠮᠥᠷᠲᠡᠭᠡᠨ ᠴᠢᠨᠠᠷ ᠴᠢᠨᠰᠠᠭ᠎ᠠ ᠲᠠᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ ᠤᠨ ᠳᠣᠲᠣᠭᠠᠳᠤ ᠶᠢᠨ ᠬᠥᠳᠡᠯᠭᠡᠭᠴᠢ ᠬᠦᠴᠦᠨ ᠢ ᠨᠡᠮᠡᠭᠳᠡᠭᠦᠯᠵᠦ᠂ ᠶᠠᠳᠠᠭᠤ ᠬᠦᠴᠢᠷᠲᠡᠢ ᠭᠠᠵᠠᠷ ᠣᠷᠣᠨ ᠪᠠ ᠶᠠᠳᠠᠭᠤ ᠬᠦᠴᠢᠷᠲᠡᠢ ᠬᠥᠮᠥᠰ ᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠬᠥᠳᠡᠯᠮᠦᠷᠢᠯᠡᠬᠦ ᠴᠢᠳᠠᠪᠤᠷᠢᠲᠠᠢ ᠶᠠᠳᠠᠭᠤ ᠬᠦᠴᠢᠷᠲᠡᠢ ᠬᠥᠮᠥᠰ ᠢ ᠠᠵᠤ ᠦᠢᠯᠡᠰ ᠤᠨ ᠬᠥᠭᠵᠢᠯᠲᠡ ᠳᠤ ᠪᠦᠬᠦ ᠲᠠᠯ᠎ᠠ ᠪᠠᠷ ᠬᠠᠮᠤᠷᠤᠭᠤᠯᠬᠤ ᠶᠢᠨ ᠲᠥᠯᠥᠭᠡ ᠥᠪᠥᠷ ᠮᠣᠩᠭᠤᠯ ᠤᠨ ᠬᠢᠨ ᠪᠡᠯᠡ ᠮᠥᠩᠭᠦ᠂ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠲᠤᠰᠠᠯᠠᠮᠵᠢ ᠪᠠᠨ ᠡᠷᠴᠢᠮᠵᠢᠭᠦᠯᠵᠦ᠂ ᠶᠠᠳᠠᠭᠤ ᠬᠦᠴᠢᠷᠲᠡᠢ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠪᠠᠷ ᠪᠠᠶᠢᠨ᠎ᠠ᠂ ᠶᠠᠳᠠᠭᠤ ᠬᠦᠴᠢᠷᠲᠡᠢ ᠭᠠᠵᠠᠷ ᠣᠷᠣᠨ ᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠲᠣᠪᠣᠶᠢᠮ᠎ᠠ ᠦᠢᠯᠡᠳᠦᠯ ᠲᠠᠢ ᠲᠠᠷᠢᠵᠤ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠲᠡᠳᠬᠦᠨ ᠳᠡᠮᠵᠢᠵᠦ᠂ ᠢᠳᠡᠰᠢᠨ ᠬᠤᠨᠢ ᠦᠬᠡᠷ᠂ ᠡᠷᠳᠡᠨᠢ ᠰᠢᠰᠢ᠂ ᠲᠥᠮᠥᠰᠥ ᠵᠡᠷᠭᠡ ᠭᠤᠣᠯᠯᠠᠬᠤ ᠳᠠᠪᠠᠭᠤᠯᠢᠭ ᠠᠵᠤ ᠦᠢᠯᠡᠰ ᠢᠶᠠᠷ ᠭᠤᠣᠯᠯᠠᠭᠤᠯᠤᠨ᠂ ᠬᠢᠲᠠᠳ ᠮᠣᠩᠭᠤᠯ ᠡᠮ ᠤᠨ ᠮᠠᠲ᠋ᠧᠷᠢᠶᠠᠯ᠂ ᠢᠳᠡᠰᠢᠨ ᠤ ᠮᠥᠭᠦ ᠵᠡᠷᠭᠡ ᠪᠦᠰᠡ ᠨᠤᠲᠤᠭ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠪᠠᠷ ᠪᠠᠶᠢᠨ᠎ᠠ᠂ ᠨᠢᠭᠡ ᠪᠦᠯᠦᠭ ᠪᠠᠷᠢᠮᠵᠢᠶᠠᠵᠢᠭᠰᠠᠨ ᠲᠠᠷᠢᠵᠤ ᠤᠷᠭᠤᠭᠤᠯᠤᠨ ᠲᠡᠵᠢᠭᠡᠵᠦ ᠦᠷᠡᠵᠢᠭᠦᠯᠬᠦ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠣᠨ ᠰᠢᠯᠢᠳᠡᠭ ᠡᠭᠦᠯᠳᠡᠷ ᠤᠨ ᠦᠷᠡᠵᠢᠯ ᠤᠨ ᠰᠠᠭᠤᠷᠢᠨ ᠭᠠᠵᠠᠷ ᠪᠠᠶᠢᠭᠤᠯᠬᠤ ᠶᠢ ᠲᠡᠳᠬᠦᠨ ᠳᠡᠮᠵᠢᠬᠦ ᠪᠠᠷ ᠪᠠᠶᠢᠨ᠎ᠠ᠃ ᠡᠭᠦᠨ ᠤ ᠭᠠᠳᠠᠨ᠎ᠠ᠂ ᠠᠵᠤ ᠦᠢᠯᠡᠰ ᠢᠶᠠᠷ ᠶᠠᠳᠠᠭᠤ ᠶᠢ ᠣᠨᠣᠪᠴᠢᠲᠠᠢ ᠲᠡᠳᠬᠦᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠷ ᠢᠶᠠᠨ ᠬᠠᠮᠲᠤᠷᠠᠬᠤ ᠳᠦᠷᠢᠮ ᠢ ᠪᠠᠶᠢᠭᠤᠯᠬᠤ ᠪᠠᠷ ᠳᠠᠮᠵᠢᠨ ᠶᠠᠳᠠᠭᠤ ᠬᠦᠴᠢᠷᠲᠡᠢ 20 ᠬᠤᠰᠢᠭᠤ ᠰᠢᠶᠠᠨ ᠳᠤ ᠶᠠᠳᠠᠭᠤ ᠶᠢ ᠣᠨᠣᠪᠴᠢᠲᠠᠢ ᠲᠡᠳᠬᠦᠬᠦ ᠦᠢᠯᠡᠴᠢᠯᠡᠭᠡ ᠥᠷᠨᠢᠭᠦᠯᠬᠦ ᠪᠠᠷ ᠪᠠᠶᠢᠨ᠎ᠠ᠃      ᠶᠠᠳᠠᠭᠤ ᠬᠦᠴᠢᠷᠲᠡᠢ ᠭᠠᠵᠠᠷ ᠣᠷᠣᠨ ᠤ ᠬᠥᠳᠡᠭᠡ ᠲᠣᠰᠬᠤᠨ ᠤ ᠠᠶᠠᠯᠠᠯ ᠵᠢᠭᠤᠯᠴᠢᠯᠠᠯ ᠤᠨ ᠬᠥᠭᠵᠢᠯᠲᠡ ᠪᠠᠷ ᠶᠠᠳᠠᠭᠤ ᠶᠢ ᠲᠡᠳᠬᠦᠬᠦ ᠠᠵᠢᠯ ᠢ ᠨᠡᠩ ᠰᠠᠶᠢᠨ ᠲᠡᠳᠬᠦᠨ ᠳᠡᠮᠵᠢᠬᠦ ᠶᠢᠨ ᠲᠥᠯᠥᠭᠡ ᠥᠪᠥᠷ ᠮᠣᠩᠭᠤᠯ ᠤᠨ ᠬᠢᠨ ᠬᠥᠳᠡᠭᠡ ᠲᠣᠰᠬᠤᠨ ᠤ ᠠᠶᠠᠯᠠᠯ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠴᠡᠭ ᠪᠠᠶᠢᠭᠤᠯᠬᠤ ᠠᠵᠢᠯ ᠥᠷᠨᠢᠭᠦᠯᠵᠦ᠂ 2020 ᠣᠨ ᠪᠣᠯᠬᠤ ᠳᠤ ᠵᠢᠱᠢᠶ᠎ᠡ ᠦᠵᠡᠭᠦᠯᠬᠦ 2000 ᠲᠥᠷᠥᠯ ᠵᠦᠢᠯ ᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号