ᠨᠠᠮ ᠤᠨ ᠳᠦᠪ ᠬᠤᠷᠢᠶ᠎ᠠ ᠪᠤᠯᠤᠨ ᠳᠦᠷᠦ ᠶᠢᠨ ᠶᠠᠪᠤᠲᠠᠯ ᠤᠨ ᠬᠤᠷᠢᠶ᠎ᠠ ᠤᠷᠴᠢᠮᠬᠠᠨ ᠳᠤ ︽ᠬᠤᠲᠠ | ᠬᠦᠲᠡᠭᠡ ᠵᠢᠠᠭᠤᠰᠤᠯᠲᠤᠭᠤᠯᠤᠨ ᠬᠦᠭᠵᠢᠬᠦᠯᠬᠦ ᠪᠠᠶᠢᠭᠤᠯᠤᠯ ᠲᠤᠭᠲᠠᠴᠠ ᠪᠠ ᠳᠦᠷᠦ ᠶᠢᠨ ᠪᠤᠲᠤᠯᠭ᠎ᠠ ᠶᠢᠨ | ᠰᠢᠰᠲ᠋ᠧᠮ ᠢ ᠪᠠᠶᠢᠭᠤᠯᠤᠨᠲ᠋ᠡᠬᠦᠯᠲᠡᠷᠵᠢᠬᠦᠯᠬᠦ ᠲᠤᠬᠠᠢ ᠰᠠᠨᠠᠯ︾ ᠢ ᠲᠠᠷᠬᠠᠭᠠᠵᠠᠢ᠃ ᠯᠢᠦ ᠴᠦᠨ ᠢᠤᠢ ᠬᠤᠷᠠᠯ | ᠳᠡᠭᠡᠷ᠎ᠡ ︽ᠲᠠᠷᠢᠶᠠᠴᠢᠳ ᠢ ᠬᠡᠷᠬᠢᠨᠪᠠᠶᠠᠵᠢᠭᠤᠯᠬᠤ ᠪᠤᠢ︾ ᠭᠡᠲᠡᠭ ᠠᠰᠠᠭᠤᠲᠠᠯ ᠳᠤ ᠴᠢᠭᠯᠡᠬᠦᠯᠦᠨ᠂ ᠲᠠᠷᠢᠶᠠᠯᠠᠩ | ᠬᠦᠲᠡᠭᠡ ᠲᠤᠰᠬᠤᠨ ᠲᠠᠷᠢᠶᠠᠴᠢᠨ ᠤ ᠠᠰᠠᠭᠤᠲᠠᠯᠤᠨ ᠭᠤᠤᠯᠲᠠᠯᠭ᠎ᠠ ᠪᠤᠯ ᠲᠠᠷᠢᠶᠠᠴᠢᠳ ᠤᠨ ᠠᠰᠠᠭᠤᠲᠠᠯ ᠮᠥᠨ᠂ | ᠲᠠᠷᠢᠶᠠᠴᠢᠨ ᠤ ᠠᠰᠠᠭᠤᠲᠠᠯ ᠤᠨ ᠭᠤᠤᠯᠲᠠᠯᠭ᠎ᠠ ᠪᠤᠯ ᠤᠷᠤᠯᠭᠠᠮᠥ᠋ᠨ ᠭᠡᠵᠤ ᠬᠡᠯᠡᠭᠰᠡᠨ ᠪᠠᠶᠢᠨ᠎ᠠ᠃ | ᠤᠯᠤᠰ ᠤᠨ ᠬᠦᠭᠵᠢᠬᠦᠯᠦᠯᠲᠠ ᠦᠭᠡᠷᠡᠴᠢᠯᠡᠯᠲᠡ ᠶᠢᠨ ᠵᠦᠪᠯᠡᠯ ᠤᠨ ᠳᠦᠯᠦᠪᠵᠢᠬᠦᠯᠬᠡ ᠶᠢᠨ ᠵᠤᠷᠭᠠᠨ ᠤ | ᠬᠤᠲᠠᠬᠦ᠋ᠲᠡᠭᠡ ᠶᠢ ᠠᠭᠤᠰᠤᠯᠲᠤᠭᠤᠯᠤᠨ ᠬᠦᠭᠵᠢᠬᠦᠯᠬᠦ ᠭᠠᠵᠠᠷ ᠤᠨ ᠲᠠᠷᠤᠭ᠎ᠠ ᠯᠢᠦ ᠴᠦᠨ ᠢᠤᠢ᠄ ᠠᠷᠠᠳ | ᠳᠦᠮᠡᠨ ᠢᠶᠠᠷ ᠭᠤᠤᠯᠪᠤᠯᠭᠠᠬᠤ ᠬᠦᠭᠵᠢᠬᠦᠯᠦᠯᠲᠠ ᠶᠢᠨ ᠦᠵᠡᠯ ᠰᠠᠨᠠᠭ᠎ᠠ ᠶᠢ ᠨᠠᠶᠢᠲᠠᠪᠤᠷᠢᠵᠢᠭᠤᠯᠵᠤ᠂ ᠰᠢᠷᠭᠠᠭᠤ | ᠬᠦᠲᠡᠯᠮᠦᠷᠢ ᠪᠠᠷ ᠢᠶᠠᠨ ᠪᠠᠶᠠᠵᠢᠬᠤ ᠵᠢᠵᠤᠷᠢᠬᠵᠢᠭᠤᠯᠵᠤ᠂ ᠲᠠᠷᠢᠶᠠᠴᠢᠳ ᠤᠨ ᠴᠠᠯᠢᠩ ᠤᠨ ᠴᠢᠨᠠᠷᠲᠠᠢ᠂ ᠡᠵᠡᠩᠨᠡᠯᠲᠡ ᠶᠢᠨ | ᠴᠢᠨᠠᠷᠲᠠᠢ᠂ ᠡᠳ᠋ ᠬᠦᠷᠦᠩᠭᠡ ᠶᠢᠨ ᠴᠢᠨᠠᠷᠲᠠᠢ᠂ᠰᠢᠯᠵᠢᠬᠦᠯᠬᠦ ᠴᠢᠨᠠᠷᠲᠠᠢ ᠵᠡᠷᠭᠡ ᠳᠦᠷᠪᠡᠨ ᠲᠠᠯ᠎ᠠ ᠶᠢᠨ ᠤᠷᠤᠯᠭ᠎ᠠ ᠶᠢ | ᠨᠢᠭᠡᠲᠤᠯᠳᠡᠢ ᠳᠦᠯᠦᠪᠯᠡᠨ ᠳᠡᠭᠡᠭᠰᠢᠯᠡᠬᠦᠯᠦᠨ᠎ᠡ ᠭᠡᠵᠤᠲ᠋ᠤᠲᠤᠷᠬᠠᠢ ᠲᠤᠷᠠᠳᠴᠠᠢ᠃ | ᠡᠩ ᠲᠡᠷᠢᠬᠦᠨ ᠳᠤ᠂ ᠲᠠᠷᠢᠶᠠᠴᠢᠳ ᠤᠨ ᠴᠡᠯᠢᠩ ᠤᠨ ᠴᠢᠨᠠᠷᠲᠠᠢ ᠤᠷᠤᠯᠭ᠎ᠠ ᠶᠢ ᠨᠡᠮᠡᠭᠲᠡᠬᠦᠯᠬᠦ ᠲᠠᠯ᠎ᠠ ᠪᠠᠷ᠂ | ᠨᠢᠭᠡᠲ᠋ᠠᠯᠠ ᠪᠠᠷ ᠲᠠᠷᠢᠶᠠᠯᠠᠩ ᠤᠨ ᠬᠦᠮᠦᠨ ᠠᠮᠠ ᠶᠢᠨ ᠬᠤᠲᠠ ᠳᠤ ᠡᠷᠦᠬᠡ ᠠᠮᠠ ᠤᠷᠤᠬᠤ ᠶᠢ ᠶᠡᠭᠡ ᠪᠠᠷ | ᠠᠬᠢᠭᠤᠯᠤᠨ᠂ ᠬᠦᠲᠡᠭᠡᠲ᠋ᠤᠰᠬᠤᠨ ᠤ ᠲᠠᠷᠢᠶᠠᠯᠠᠩ ᠤᠨ ᠬᠦᠲᠡᠯᠮᠦᠷᠢᠴᠢᠨ ᠤ ᠳᠤᠭ᠎ᠠ ᠶᠢ ᠪᠠᠭᠠᠰᠬᠠᠨ᠎ᠠ︔ ᠨᠦᠬᠦᠭᠡ | ᠲᠠᠯ᠎ᠠ ᠪᠠᠷ᠂ ᠬᠤᠲᠠ ᠪᠠᠯᠭᠠᠰᠦᠨ ᠳ᠋ᠥᠡᠷᠦᠬᠡ ᠠᠮᠠ ᠤᠷᠤᠭᠰᠠᠨ ᠦᠭᠡᠢ ᠬᠦᠯᠦᠰᠦᠨ ᠠᠵᠢᠯᠴᠢᠨ ᠳᠤ ᠵᠤᠷᠢᠭᠤᠯᠤᠨ᠂ | ᠠᠵᠢᠯ ᠤᠯᠬᠤ ᠤᠷᠴᠢᠨ ᠨᠦᠬᠦᠴᠠᠯ ᠢᠰᠠᠶᠢᠵᠢᠷᠠᠭᠤᠯᠬᠤ᠂ ᠠᠵᠢᠯ ᠤᠨ ᠪᠠᠶᠢᠷᠢ ᠶᠢ ᠤᠯᠠᠰᠢᠷᠠᠭᠤᠯᠬᠤ᠂ | ᠬᠦᠲᠡᠯᠮᠦᠷᠢᠴᠢᠳ ᠤᠨ ᠬᠡᠪ ᠴᠢᠨᠠᠷ ᠢ ᠲᠡᠭᠡᠭᠰᠢᠯᠡᠬᠦᠯᠬᠦ ᠭᠤᠷᠪᠠᠨᠲ᠋ᠠᠯ᠎ᠠ ᠠᠴᠠ ᠭᠠᠷᠲᠠᠵᠤ᠂ ᠲᠠᠷᠢᠶᠠᠴᠢᠳ ᠤᠨ ᠴᠠᠯᠢᠩ | ᠤᠨ ᠴᠢᠨᠠᠷᠲᠠᠢ ᠤᠷᠤᠯᠭ᠎ᠠ ᠶᠢ ᠨᠡᠮᠡᠭᠲᠡᠬᠦᠯᠦᠨ᠎ᠡ᠃ | ᠬᠤᠶᠠᠲᠤᠭᠠᠷ ᠲᠤ᠂ ᠲᠠᠷᠢᠶᠠᠴᠢᠳ ᠤᠨ ᠡᠵᠡᠩᠨᠡᠯᠲᠡ ᠶᠢᠨ ᠴᠢᠨᠠᠷᠲᠠᠢ ᠤᠷᠤᠯᠭ᠎ᠠ ᠶᠢ ᠨᠡᠮᠡᠭᠲᠡᠬᠦᠯᠬᠦ ᠲᠠᠯ᠎ᠠ ᠪᠠᠷ᠂ | ᠡᠳ᠋ᠤᠨ ᠵᠠᠰᠠᠭ᠂ ᠵᠢᠭᠡᠯᠡᠯᠬᠡ᠂ ᠲᠠᠭᠠᠳᠬᠠᠯ᠂ ᠭᠠᠵᠠᠷ ᠲᠠᠲᠠᠪᠤᠷᠢᠯᠠᠨ ᠬᠡᠷᠡᠭᠯᠡᠬᠦ ᠵᠡᠷᠭᠡ ᠳᠦᠷᠦ ᠶᠢᠨ ᠪᠤᠲᠤᠯᠭ᠎ᠠ ᠶᠢ | ᠳᠡᠬᠦᠯᠲᠡᠷᠵᠢᠬᠦᠯᠦᠨᠲ᠋ᠠᠷᠢᠶᠠᠯᠠᠩ ᠤᠨ ᠦᠪᠡᠷ ᠤᠨ ᠦᠷᠲᠡᠭ ᠢ ᠲᠤᠷᠤᠭᠰᠢᠯᠠᠭᠤᠯᠵᠤ᠂ ᠲᠠᠷᠢᠶᠠᠯᠠᠩ ᠤᠨ ᠤᠷᠤᠯᠭ᠎ᠠ ᠶᠢ | ᠨᠡᠮᠡᠭᠲᠡᠬᠦᠯᠬᠦ ᠮᠦᠷᠲᠡᠭᠡᠨᠪᠠᠰᠠ ᠳᠤᠰᠬᠠᠢ ᠠᠵᠢᠯ ᠤᠨ ᠲᠠᠷᠢᠶᠠᠴᠢᠨ ᠤ ᠤᠷ᠎ᠠ ᠴᠢᠲᠠᠪᠤᠷᠢ ᠶᠢ ᠲᠡᠭᠡᠭᠰᠢᠯᠡᠬᠦᠯᠵᠦ᠂ | ᠰᠢᠨ᠎ᠡ ᠮᠠᠶ᠋ᠢᠭ ᠤᠨ ᠲᠠᠷᠢᠶᠠᠯᠠᠩ ᠤᠨᠡᠵᠡᠩᠨᠡᠯᠲᠡ ᠶᠢᠨ ᠪᠠᠶᠠᠴᠢ ᠴᠤᠭᠴᠠ ᠶᠢ ᠪᠤᠶᠢᠵᠢᠭᠤᠯᠤᠨ ᠬᠦᠭᠵᠢᠬᠦᠯᠵᠦ᠂ | ᠲᠠᠷᠢᠶᠠᠯᠠᠩ ᠤᠨ ᠦᠷ᠎ᠡ ᠠᠰᠢᠭ ᠪᠠ ᠲᠠᠷᠢᠶᠠᠴᠢᠨ ᠣᠤᠷᠤᠯᠭᠠ ᠶᠢ ᠨᠢᠭᠡᠲᠤᠯᠳᠡᠢ ᠳᠦᠯᠦᠪᠯᠡᠨ ᠨᠡᠮᠡᠭᠲᠡᠬᠦᠯᠦᠨ᠎ᠡ᠃ | | ᠭᠤᠷᠪᠠᠲᠤᠭᠠᠷ ᠲᠤ᠂ ᠲᠠᠷᠢᠶᠠᠴᠢᠳ ᠤᠨ ᠡᠳ᠋ ᠤᠨ ᠵᠠᠰᠠᠭ ᠤᠨ ᠴᠢᠨᠠᠷᠲᠠᠢ ᠤᠷᠤᠯᠭ᠎ᠠ ᠶᠢ ᠨᠡᠮᠡᠭᠲᠡᠬᠦᠯᠬᠦ ᠲᠠᠯ᠎ᠠ | ᠪᠠᠷ᠂ᠵᠠᠬ᠎ᠠ ᠳᠡᠯᠬᠡᠬᠦᠷᠴᠢᠯᠡᠭᠰᠡᠨ ᠦᠭᠡᠷᠡᠴᠢᠯᠠᠯᠲᠠ ᠪᠠᠷ ᠤᠲᠤᠷᠢᠳᠤᠮᠵᠢ ᠪᠤᠯᠭᠠᠵᠤ᠂ ᠬᠦᠲᠡᠭᠡ ᠲᠤᠰᠬᠤᠨ ᠤ ᠬᠠᠮᠳᠦ | ᠶᠢᠨ ᠦᠮᠴᠢᠯᠠᠯᠤᠨ ᠡᠷᠭᠡ ᠶᠢᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠤᠨ᠂ ᠬᠦᠲᠡᠭᠡ ᠲᠤᠰᠬᠤᠨ ᠤ ᠬᠠᠮᠳᠦ | ᠶᠢᠨ ᠡᠳ᠋ ᠬᠦᠷᠦᠩᠭᠡ ᠵᠢᠢᠯᠭᠠᠷᠠᠭᠤᠯᠤᠨ ᠳᠢᠭᠯᠡᠬᠦ ᠠᠵᠢᠯ ᠢ ᠳᠦᠷᠭᠡᠪᠴᠢᠯᠡᠬᠦ ᠶᠢᠨ ᠬᠠᠮᠳᠦ ᠡᠵᠡᠩᠨᠡᠯᠲᠡ ᠶᠢᠨ | ᠴᠢᠨᠠᠷᠲᠠᠢ ᠡᠳ᠋ ᠬᠦᠷᠦᠩᠭᠡ ᠶᠢ ᠬᠠᠮᠳᠦ ᠵᠢᠨᠪᠦ᠋ᠷᠢᠯᠳᠦᠬᠦᠨ ᠳᠤ ᠳᠤᠭᠠᠴᠢᠯᠠᠨ ᠤᠨᠤᠬᠲᠠᠭᠤᠯᠵᠤ᠂ ᠲᠠᠷᠢᠶᠠᠴᠢᠳ ᠤᠨ | ᠡᠳ᠋ ᠤᠨ ᠵᠠᠰᠠᠭ ᠤᠨ ᠴᠢᠨᠠᠷᠲᠠᠢ ᠤᠷᠤᠯᠭ᠎ᠠ ᠵᠢᠨᠡᠮᠡᠭᠲᠡᠬᠦᠯᠵᠦ᠂ ᠬᠦᠲᠡᠭᠡ ᠳᠤᠰᠬᠤᠨ ᠤ ᠡᠬᠢ ᠪᠠᠶᠠᠯᠢᠭ ᠤᠨ | ᠡᠳ᠋ ᠬᠦᠷᠦᠩᠭᠡ ᠪᠤᠯᠵᠤ ᠬᠤᠪᠢᠷᠠᠬᠤ᠂ ᠪᠠᠯᠠ ᠮᠦᠩᠬᠦ ᠵᠢᠨᠬᠤᠪᠢᠴᠠᠭᠠ ᠮᠦᠩᠬᠦ ᠪᠤᠯᠵᠤ ᠬᠤᠪᠢᠷᠠᠬᠤ᠂ | ᠲᠠᠷᠢᠶᠠᠴᠢᠨ ᠤ ᠬᠤᠪᠢᠴᠠᠭᠠᠲᠠᠨ ᠪᠤᠯᠵᠤ ᠬᠤᠪᠢᠷᠠᠬᠤ ᠶᠢ ᠠᠬᠢᠭᠤᠯᠤᠨ᠎ᠠ᠃ | ᠳᠦᠷᠪᠡᠲᠦᠭᠡᠷ ᠲᠤ᠂ ᠲᠠᠷᠢᠶᠠᠴᠢᠳ ᠤᠨ ᠰᠢᠯᠵᠢᠬᠦᠯᠬᠦ ᠴᠢᠨᠠᠷᠲᠠᠢ ᠤᠷᠤᠯᠭ᠎ᠠ ᠶᠢ ᠨᠡᠮᠡᠭᠲᠡᠬᠦᠯᠬᠦ ᠲᠠᠯ᠎ᠠ ᠪᠠᠷ᠂ | ᠵᠠᠰᠠᠭ ᠤᠨᠤᠷᠲᠤᠨ ᠤ ᠳᠠᠬᠢᠨ ᠬᠤᠪᠢᠶᠠᠷᠢᠯᠠᠵᠤ ᠵᠤᠬᠢᠴᠠᠭᠤᠯᠬᠤ ᠡᠬᠦᠷᠭᠡ ᠴᠢᠲᠠᠪᠤᠷᠢ ᠶᠢ ᠰᠠᠶᠢᠲᠤᠷ ᠪᠠᠲᠠᠷᠠᠭᠤᠯᠵᠤ᠂ | ᠲᠠᠷᠢᠶᠠᠴᠢᠳ ᠤᠨᠠᠵᠤ ᠠᠮᠢᠲᠤᠷᠠᠯ ᠳᠤ ᠵᠤᠷᠢᠭᠤᠯᠤᠬᠰᠠᠨ ᠤᠯᠠᠨ ᠨᠡᠶᠢᠲᠡ ᠶᠢᠨ ᠡᠳ᠋ ᠤᠨ ᠬᠦᠴᠦᠨ ᠤ ᠪᠠᠲᠤᠯᠠᠭ᠎ᠠ | ᠶᠢ ᠴᠢᠩᠭᠠᠳᠬᠠᠨ᠂ ᠬᠤᠲᠠᠬᠦ᠋ᠲᠡᠭᠡ ᠶᠢᠨ ᠬᠤᠭᠤᠷᠤᠨᠲᠤᠬᠢ ᠤᠷᠤᠯᠭ᠎ᠠ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ | ᠲᠠᠰᠤᠷᠠᠯᠲᠠ ᠦᠭᠡᠢ ᠲᠤᠬᠢᠷᠠᠭᠤᠯᠤᠨᠰᠢᠯᠢᠲᠡᠭᠵᠢᠬᠦᠯᠦᠨᠡ᠃ | ᠤᠯᠤᠰ ᠤᠨ ᠬᠦᠭᠵᠢᠬᠦᠯᠦᠯᠲᠠ ᠦᠭᠡᠷᠡᠴᠢᠯᠡᠯᠲᠡ ᠶᠢᠨ ᠵᠦᠪᠯᠡᠯ ᠤᠨ ᠳᠦᠯᠦᠪᠵᠢᠬᠦᠯᠬᠡ ᠶᠢᠨ ᠵᠤᠷᠭᠠᠨ ᠤ | ᠲᠠᠷᠤᠭᠠᠴᠧᠨ ᠶᠠ ᠵᠢᠶᠦ᠋ᠨ ᠨᠦᠬᠦᠪᠦᠷᠢᠯᠠᠨ ᠬᠡᠯᠡᠭᠰᠡᠨ ᠨᠢ᠂ ᠬᠤᠲᠠ ᠬᠦᠲᠡᠭᠡ ᠶᠢ ᠠᠭᠤᠰᠤᠯᠲᠤᠭᠤᠯᠤᠨ | ᠬᠦᠭᠵᠢᠬᠦᠯᠬᠦ ᠲᠠᠪᠤᠨ ᠶᠡᠭᠡᠪᠠᠶᠢᠭᠤᠯᠤᠯ ᠳᠤᠭᠲᠠᠴᠠ ᠶᠢᠨ ᠦᠭᠡᠷᠡᠴᠢᠯᠡᠯᠲᠡ ᠪᠤᠯ ᠴᠦᠮ ᠲᠠᠷᠢᠶᠠᠴᠢᠳ ᠤᠨ | ᠤᠷᠤᠯᠭ᠎ᠠ ᠶᠢ ᠨᠡᠮᠡᠭᠲᠡᠬᠦᠯᠬᠦ ᠳᠤ ᠠᠰᠢᠬᠲᠠᠢᠶᠤᠮ᠃ ᠨᠡᠩ ᠬᠤᠷᠸ᠎ᠠ ᠲᠠᠯ᠎ᠠ ᠠᠴᠠ ᠠᠪᠴᠦ ᠬᠡᠯᠡᠪᠡᠯ᠂ ᠲᠠᠷᠢᠶᠠᠴᠢᠳ | ᠤᠨ ᠤᠷᠤᠯᠭ᠎ᠠ ᠶᠢ ᠨᠡᠮᠡᠭᠲᠡᠬᠦᠯᠬᠦ ᠳᠤ ᠬᠦᠷᠲᠡᠪᠦᠷᠢ ᠪᠠᠬᠤᠪᠢᠶᠠᠷᠢ ᠶᠢ ᠬᠤᠯᠪᠤᠯᠲᠤᠭᠤᠯᠤᠨ ᠬᠦᠲᠡᠯᠬᠡᠬᠦ ᠬᠡᠷᠡᠭᠲᠡᠢ᠂ | ᠨᠢᠭᠡ ᠲᠠᠯ᠎ᠠ ᠪᠠᠷ ᠬᠦᠷᠲᠡᠪᠦᠷᠢ ᠶᠢ ᠶᠡᠬᠡᠰᠭᠡᠨ᠂ ᠨᠦᠬᠦᠭᠡ ᠲᠠᠯ᠎ᠠ ᠪᠠᠷᠬᠤᠪᠢᠶᠠᠷᠢ ᠶᠢ ᠪᠠᠭᠠᠰᠬᠠᠬᠤ ᠬᠡᠷᠡᠭᠲᠡᠢ᠃ |