ᠲᠠᠪᠤᠨ ᠰᠠᠷ᠎ᠠ ᠶᠢᠨ ᠰᠢᠨ᠎ᠡ ᠵᠢᠨ‌‍ᠲ᠋ᠠᠪᠤᠨ ᠤ ᠠᠮᠠᠷᠠᠯᠲᠠ ᠶᠢᠨ ᠬᠤᠭᠤᠴᠠᠭᠠᠨ ᠳᠤ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ 11.1 ᠲᠦᠮᠡᠨ ᠠᠶᠠᠨᠴᠢᠨ ᠵᠥᠭᠡᠭᠡᠪᠦᠷᠢᠯᠡᠪᠡ
ᠨᠡᠶᠢᠲᠡᠯᠡᠭᠰᠡᠨ ᠴᠠᠭ᠄
2019-06-11
     6 ᠰᠠᠷ᠎ᠠ ᠶᠢᠨ 7 — 9 ᠤ ᠡᠳᠦᠷ ᠪᠤᠯᠳᠠᠯᠠᠬᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠳᠠ ᠶᠢᠨ ᠬᠤᠭᠤᠴᠠᠭᠠᠨ ᠳᠤ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ‍ᠤᠨ‌‍ᠪᠠᠭᠤᠳᠠᠯ ᠨᠡᠶᠢᠳᠡ 948 ᠡᠬᠡᠯᠵᠢ ᠶᠢᠨ ᠨᠢᠰᠬᠡᠯ ᠤᠨ ᠨᠢᠰᠴᠤ ᠪᠠᠭᠤᠬᠤ ᠶᠢ ᠪᠠᠳᠤᠯᠠᠵᠦ᠂ ᠨᠡᠶᠢᠳᠡ 11.1 ᠲᠦᠮᠡᠨ ᠠᠶᠠᠨᠴᠢᠨ ︵ᠬᠦᠮᠦᠨ ᠤᠳᠠᠭ᠎ᠠ︶ ᠵᠦᠬᠡᠬᠡᠪᠦᠷᠢᠯᠡᠵᠦ᠂ ᠲᠤᠰ ᠲᠤᠰ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.6% ᠪᠠ 12.4%  ᠪᠠᠷ ᠨᠡᠮᠡᠭᠳᠡᠭᠰᠡᠨ ᠪᠠᠶᠢᠨ᠎ᠠ᠃      ᠲᠠᠪᠤᠨ ᠰᠠᠷ᠎ᠠ ᠶᠢᠨ ᠰᠢᠨ᠎ᠡ ᠵᠢᠨ‌‍ᠲ᠋ᠠᠪᠤᠨ ᠳᠤ᠂ ᠲᠠᠷᠤᠢ 6 ᠰᠠᠷ᠎ᠠ ᠶᠢᠨ 7 ᠤ ᠡᠳᠦᠷ᠂ ᠲᠤᠰ ᠨᠢᠰᠬᠡᠯ ᠤᠨ ᠪᠠᠭᠤᠳᠠᠯ ᠨᠢ ᠨᠡᠶᠢᠳᠡ 321 ᠡᠬᠡᠯᠵᠢ ᠶᠢᠨ ᠨᠢᠰᠬᠡᠯ ᠤᠨ ᠨᠢᠰᠴᠤ ᠪᠠᠭᠤᠬᠤ ᠶᠢ ᠪᠠᠳᠤᠯᠠᠵᠦ᠂ ᠨᠡᠶᠢᠳᠡ 3.7 ᠲᠦᠮᠡᠨ ᠠᠶᠠᠨᠴᠢᠨ ︵ᠬᠦᠮᠦᠨ ᠤᠳᠠᠭ᠎ᠠ︶ ᠵᠦᠬᠡᠬᠡᠪᠦᠷᠢᠯᠡᠭᠰᠡᠨ ᠪᠠᠶᠢᠨ᠎ᠠ᠃ ᠪᠦᠷᠢᠳᠬᠡᠯ ᠢᠶᠠᠷ᠂ ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠵᠢᠨ‌‍ᠲ᠋ᠠᠪᠤᠨ ᠤ ᠠᠮᠠᠷᠠᠯᠳᠠ ᠳᠤ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠵᠦᠬᠡᠬᠡᠪᠦᠷᠢᠯᠡᠭᠰᠡᠨ ᠣᠷᠣᠨ ᠤ ᠭᠠᠳᠠᠨᠠᠬᠢ ᠠᠶᠠᠨᠴᠢᠳ ᠨᠢ ᠭᠤᠤᠯᠳᠠᠭᠤ ᠪᠡᠭᠡᠵᠢᠩ᠂ ᠰᠢ ᠠᠨ᠂ ᠵᠧᠩᠵᠧᠤ᠂ ᠭᠤᠧᠠᠩᠵᠧᠤ᠂ ᠴᠧᠩᠳᠦ᠋᠂ ᠬᠠᠩᠵᠧᠤ ᠵᠡᠷᠬᠡ ᠬᠤᠳᠠ ᠳᠤ ᠲᠦᠪᠯᠡᠷᠡᠵᠦ᠂ ᠣᠷᠣᠨ ᠤ ᠲᠤᠳᠤᠨᠠᠬᠢ ᠠᠶᠠᠨᠴᠢᠳ ᠨᠢ ᠭᠤᠤᠯᠳᠠᠭᠤ ᠬᠦᠯᠦᠨ ᠪᠤᠶᠢᠷ ᠬᠤᠳᠠ᠂ ᠤᠯᠠᠭᠠᠨᠬᠠᠳᠠ᠂ ᠲᠦᠩᠯᠢᠶᠤᠤ ᠬᠤᠳᠠ᠂ ᠰᠢᠯᠢᠩᠬᠤᠳᠠ ᠳᠤ ᠲᠦᠪᠯᠡᠷᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号