ᠲᠡᠭᠦᠰᠬᠦ ᠤᠯᠠᠷᠢᠯ ᠳᠤ ᠪᠦᠲᠦᠭᠡᠯᠴᠢ ᠪᠦᠲᠦᠭᠡᠯ ᠤᠳ ᠬᠠᠷᠠᠭ᠎ᠠ ᠮᠢᠯᠢᠶᠠᠨᠠᠮ
ᠨᠡᠶᠢᠲᠡᠯᠡᠭᠰᠡᠨ ᠴᠠᠭ᠄
2019-06-11
     ᠥᠴᠥᠭᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 2019 ᠣᠨ ᠤ ᠵᠢᠩᠬᠢᠨᠢ ᠠᠩᠭᠢ ᠶᠢᠨ ᠲᠡᠭᠦᠰᠬᠦ ᠰᠤᠷᠤᠭᠴᠢᠳ ᠤᠨ ᠪᠦᠲᠦᠭᠡᠯ ᠤᠨ ᠦᠵᠡᠭᠦᠯᠦᠯᠭᠡ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ ᠲᠤᠰ ᠤᠳᠠᠭᠠᠨ ᠤ ᠲᠡᠭᠦᠰᠬᠦ ᠰᠤᠷᠤᠭᠴᠢᠳ ᠤᠨ ᠪᠦᠲᠦᠭᠡᠯ ᠤᠨ ᠦᠵᠡᠭᠦᠯᠦᠯᠭᠡ ᠨᠢ ᠱᠤᠭᠤᠮᠠᠯ᠂ ᠤᠷᠠᠨ ᠵᠢᠷᠤᠭ᠂ ᠪᠦᠲᠦᠭᠡᠯᠴᠢ ᠲᠥᠰᠥᠯ᠂ ᠤᠷᠠᠯᠢᠭ ᠤᠨ ᠵᠢᠷᠤᠭ ᠲᠥᠯᠥᠪᠯᠡᠭᠡ ᠵᠡᠷᠭᠡ ᠣᠯᠠᠨ ᠲᠤᠰᠬᠠᠶ ᠮᠡᠷᠭᠡᠵᠢᠯ ᠤᠨ ᠴᠢᠭᠯᠡᠯ ᠢ ᠬᠠᠮᠤᠷᠴᠤ᠂ ᠲᠥᠷᠥᠯ ᠵᠦᠶ᠋ᠯ ᠨᠢ ᠡᠯᠪᠡᠭ ᠪᠠᠶᠠᠯᠢᠭ᠂ ᠮᠠᠲ᠋ᠧᠷᠢᠶᠠᠯ ᠨᠢ ᠣᠯᠠᠨ ᠶᠠᠩᠵᠤ ᠶᠢᠨ ᠪᠠᠶᠢᠵᠤ᠂ ᠵᠣᠬᠢᠶᠠᠨ ᠪᠦᠲᠦᠭᠡᠯᠭᠡ ᠶᠢᠨ ᠲᠤᠰᠬᠠᠶ ᠮᠡᠷᠭᠡᠵᠢᠯ ᠤᠨ ᠴᠢᠨᠠᠷ ᠢ ᠬᠠᠷᠠᠭᠤᠯᠤᠭᠰᠠᠨ ᠤ ᠲᠠᠰᠢᠷᠠᠮ ᠠᠮᠢᠳᠤᠷᠠᠯ ᠳᠤ ᠣᠶᠢᠷᠠᠳᠴᠤ᠂ ᠨᠡᠶᠢᠭᠡᠮ ᠳᠤ ᠣᠶᠢᠷᠠᠳᠴᠤ᠂ ᠨᠡᠩ ᠴᠤ ᠭᠠᠵᠠᠷ ᠣᠷᠣᠨ ᠤ ᠰᠣᠶᠣᠯ ᠢᠷᠭᠡᠨᠰᠢᠯ ᠳᠤ ᠣᠶᠢᠷᠠᠳᠴᠤ᠂ ᠥᠪᠡᠷᠮᠢᠴᠡ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠪᠠ ᠤᠷᠠᠯᠢᠭ ᠤᠨ ᠬᠡᠪ ᠨᠠᠮᠪᠠ ᠪᠠᠷ ᠠᠮᠢᠳᠤᠷᠠᠯ ᠤᠨ ᠲᠤᠬᠠᠢ ᠣᠶᠢᠯᠠᠭᠠᠯᠲᠠ ᠪᠠ ᠨᠡᠶᠢᠭᠡᠮ ᠤᠨ ᠲᠤᠬᠠᠢ ᠣᠶᠢᠯᠠᠭᠠᠯᠲᠠ ᠪᠠᠨ ᠬᠠᠷᠠᠭᠤᠯᠤᠭᠰᠠᠨ ᠪᠠᠶᠢᠨ᠎ᠠ᠃ ᠵᠠᠯᠠᠭᠤ ᠨᠠᠰᠤᠨ ᠤ ᠴᠤᠭ ᠵᠢᠪᠬᠤᠭ᠎ᠠ ᠵᠢᠴᠢ ᠴᠤᠭ ᠪᠠᠳᠠᠷᠠᠩᠭᠤᠶ ᠤᠷᠠᠯᠢᠭ ᠤᠨ ᠣᠷᠭᠢᠯᠤᠮ᠎ᠠ ᠰᠡᠳᠬᠢᠯᠭᠡ ᠪᠠ ᠥᠨᠢᠷ ᠪᠠᠳᠠᠷᠠᠩᠭᠤᠶ ᠤᠷᠠᠯᠢᠭ ᠤᠨ ᠡᠭᠦᠳᠦᠨ ᠪᠦᠲᠦᠭᠡᠬᠦ ᠴᠢᠳᠠᠪᠤᠷᠢ ᠪᠠᠨ ᠢᠯᠡᠷᠡᠭᠦᠯᠦᠭᠰᠡᠨ ᠪᠠᠶᠢᠨ᠎ᠠ᠃
ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号