ᠰᠢᠨᠬᠤᠸᠠ ᠬᠤᠷᠢᠶᠠᠨ ᠤ ᠴᠦᠩᠴᠢᠩ ᠤᠨ 6 ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢ | ᠰᠦᠩ︶ 6ᠰᠠᠷ᠎ᠠ ᠶᠢᠨ 6 ᠤ ᠡᠳᠦᠷ ᠪᠣᠯ ᠪᠦᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ ᠪᠣᠯᠤᠨ᠎ᠠ᠃ | ᠴᠦᠩᠴᠢᠩ ᠤᠨ ᠠᠨᠠᠭᠠᠬᠤᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠡᠮᠨᠡᠯᠭᠡ ᠶᠢᠨ | ᠬᠤᠷᠢᠶᠠᠨ ᠤ ᠨᠢᠳᠦᠨ ᠤ ᠰᠠᠯᠠᠭᠠᠨ ᠤ ᠡᠷᠬᠢᠯᠡᠭᠴᠢ ᠫᠢᠯᠢᠶᠡᠨ ᠬᠤᠩ ᠲᠠᠨᠢᠯᠴᠠᠭᠤᠯᠤᠨ ᠬᠡᠯᠡᠬᠦ ᠳᠡᠭᠡᠨ᠂ ᠤᠶᠢᠷ᠎ᠠ | ᠬᠠᠷᠠᠭ᠎ᠠ ᠲᠠᠢ ᠪᠤᠯᠬᠤ ᠨᠢ ᠵᠣᠬᠢᠬᠤ ᠭᠡᠷ ᠪᠦᠯᠢ ᠶᠢᠨ ᠤᠳᠤᠮᠰᠢᠯ ᠡᠴᠠᠪᠤᠯᠳᠠᠬ᠂ ᠭᠡᠪᠡᠴᠦ ᠵᠠᠮ ᠶᠠᠪᠤᠬᠤ ᠳᠠᠭᠠᠨ | ᠦᠷᠬᠦᠯᠵᠢ ᠨᠣᠮ ᠦᠵᠡᠬᠦ᠂ ᠬᠡᠪᠲᠡᠵᠦ ᠪᠠᠶᠢᠭᠠᠳ ᠨᠣᠮ ᠦᠵᠡᠬᠦ᠂ ᠭᠡᠷᠡᠯ ᠨᠢ ᠬᠡᠳᠦ ᠴᠢᠩᠭᠠᠪᠤᠶᠤ ᠬᠡᠳᠦ ᠪᠦᠷᠦᠭ | ᠣᠷᠴᠢᠨ ᠲᠣᠭᠤᠷᠢᠨ ᠳᠤ ᠰᠤᠷᠤᠯᠴᠠᠬᠤ᠂ ᠣᠷᠳᠣ ᠬᠤᠭᠤᠴᠠᠭ᠎ᠠ ᠪᠠᠷ ᠡᠯᠧᠺᠲᠷᠤᠨ ᠳᠡᠯᠭᠡᠴᠡ ᠶᠢ | ᠬᠠᠷᠠᠬᠤᠵᠡᠷᠭᠡ ᠨᠢ ᠪᠠᠰᠠ ᠬᠡᠦᠬᠡᠳ ᠤᠨ ᠨᠢᠳᠦ ᠶᠢ ᠠᠮᠠᠷᠬᠠᠨ ᠶᠠᠳᠠᠷᠠᠭᠤᠯᠳᠠᠭ᠂ ᠦᠷᠭᠦᠯᠵᠢ ᠡᠶᠢᠮᠦ ᠪᠠᠶᠢᠳᠠᠯ ᠳᠤ | ᠪᠠᠶᠢᠭᠠᠳ ᠪᠠᠶᠢᠪᠠᠯ ᠤᠶᠢᠷᠠᠬᠠᠷᠠᠭᠠ ᠲᠠᠢ ᠪᠣᠯᠭᠠᠳᠠᠭ ᠬᠡᠪᠡ᠃ ᠫᠢ ᠯᠢᠶᠠᠨ ᠬᠤᠩ᠂ ᠬᠡᠦᠬᠡᠳ ᠶᠠᠭᠤᠮ᠎ᠠ | ᠬᠠᠷᠠᠬᠤ ᠳᠠᠭᠠᠨ ᠦᠷᠭᠦᠯᠵᠢ ᠨᠢᠳᠦ ᠪᠠᠨ ᠰᠦᠮᠡᠶᠢᠬᠦ᠂ ᠪᠠᠶᠢᠨ ᠲᠠᠬᠢᠨᠨᠢᠳᠦ ᠪᠠᠨ ᠴᠠᠪᠴᠢᠬᠤ᠂ ᠦᠷᠬᠦᠯᠵᠢ | ᠨᠢᠳᠦ ᠪᠠᠨ ᠨᠤᠬᠤᠯᠠᠬᠤ᠂ ᠬᠢᠯᠠᠷ ᠬᠠᠷᠠᠬᠤ ᠵᠡᠷᠭᠡ ᠪᠠᠶᠢᠳᠠᠯ ᠭᠠᠷᠬᠤ ᠶᠢ ᠭᠡᠷ ᠤᠨ ᠠᠬᠠᠮᠠᠳ ᠨᠢᠣᠯᠵᠤ ᠮᠡᠳᠡᠪᠡᠯ᠂ | ᠬᠡᠦᠬᠡᠳ ᠤᠨ ᠨᠢᠳᠦ ᠨᠢ ᠤᠶᠢᠷ᠎ᠡ ᠬᠠᠷᠠᠭ᠎ᠠ ᠲᠠᠢ ᠪᠤᠯᠤᠬᠰᠠᠨ ᠡᠰᠡᠬᠦ ᠶᠢ ᠰᠡᠷᠡᠮᠵᠢᠯᠡᠨ ᠪᠠᠶᠢᠴᠠᠭᠠᠯᠭᠠᠬᠤ | ᠬᠡᠷᠡᠭᠲᠡᠶᠬᠡᠵᠦ ᠰᠠᠨᠠᠭᠤᠯᠵᠠᠢ᠃ | ᠬᠡᠦᠬᠡᠳ ᠤᠨ ᠬᠠᠷᠠᠭ᠎ᠠ ᠶᠢ ᠬᠡᠷᠬᠢᠨ ᠬᠠᠮᠠᠭᠠᠯᠠᠪᠠᠯ ᠵᠣᠬᠢᠬᠤ ᠪᠤᠢ︖ ᠫᠢ ᠯᠢᠶᠠᠨ ᠬᠤᠩ | ᠬᠡᠯᠡᠬᠦ ᠳᠡᠭᠡᠨ᠂ ᠡᠩᠲ᠋ᠡᠷᠢᠬᠦᠨ ᠳᠤ ᠨᠢᠳᠦ ᠪᠠᠨ ᠠᠮᠠᠷᠠᠭᠤᠯᠤᠨ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠶ᠃ ᠵᠠᠯᠭᠠᠭ᠎ᠠ ᠪᠠᠷ | ᠨᠣᠮ ᠦᠵᠡᠵᠦ ᠥᠰᠥᠭ ᠪᠢᠴᠢᠬᠦ ᠪᠤᠶᠤ ᠲᠧᠯᠸᠢᠰ ᠦᠵᠡᠬᠦ ᠳᠡᠭᠡᠨ 30 — 40 ᠮᠢᠨᠦ᠋ᠲ ᠪᠤᠯᠪᠠᠯ 10 | — 15 ᠮᠢᠨᠦ᠋ᠲ ᠠᠮᠠᠷᠠᠭᠤᠯᠬᠤ ᠶᠢᠨ ᠬᠠᠮᠲᠤᠬᠤᠯᠠ ᠶᠢ ᠬᠠᠷᠠᠬᠤ ᠬᠡᠷᠡᠭᠲᠡᠶ᠃ ᠣᠳᠣ ᠨᠠᠩ ᠴᠤ ᠬᠡᠦᠬᠡᠳ ᠢ | ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ ᠵᠡᠷᠭᠡ ᠡᠯᠧᠺᠲᠷᠤᠨᠦᠢᠯᠡᠳᠬᠦᠨ ᠢ ᠲᠡᠩᠳᠡᠭᠦᠦ ᠶᠡᠭᠡ ᠬᠡᠷᠡᠭᠯᠡᠬᠦᠯᠬᠦ | ᠦᠭᠡᠢ ᠪᠠᠶᠢᠬᠤ ᠬᠡᠷᠡᠭᠲᠡᠶ᠃ ᠬᠡᠦᠬᠡᠳ ᠢ ᠲᠡᠭᠰᠢᠭᠡᠨ ᠰᠠᠭᠤᠯᠭᠠᠵᠤ᠂ ᠰᠤᠷᠤᠯᠴᠠᠬᠤᠶᠠᠪᠤᠴᠠ ᠳᠤᠨᠢ ᠨᠢᠳᠦ ᠪᠣᠯᠤᠨ | ᠨᠣᠮ ᠢ ᠨᠢ ᠨᠢᠭᠡ ᠲᠣᠬᠤᠢ ᠵᠠᠶ ᠲᠠᠢ ᠪᠠᠶᠢᠯᠭᠠᠵᠤ᠂ ᠴᠡᠭᠡᠵᠢᠨ ᠬᠡᠰᠡᠭ ᠪᠣᠯᠤᠨ ᠪᠢᠴᠢᠭ ᠤᠨᠰᠢᠷᠡᠭᠡ ᠶᠢ ᠨᠢ | ᠨᠢᠭᠡ ᠨᠢᠳᠤᠷᠭ᠎ᠠ ᠶᠢᠨ ᠵᠠᠶ ᠲᠠᠢ ᠪᠠᠶᠢᠯᠭᠠᠬᠤ ᠬᠡᠷᠡᠭᠲᠡᠶ᠃ | ︽ᠶᠡᠭᠡ ᠬᠡᠮᠵᠢᠶᠡᠨ ᠤ ᠰᠤᠳᠤᠯᠭᠠᠨ ᠠᠴᠠ ᠦᠵᠡᠪᠡᠯ᠂ ᠭᠡᠷ ᠤᠨ ᠭᠠᠳᠠᠨᠠᠬᠢ ᠬᠥᠳᠡᠯᠭᠡᠭᠡᠨ ᠨᠢ ᠤᠶᠢᠷ᠎ᠠ ᠬᠠᠷᠠᠭ᠎ᠠ | ᠡᠭᠦᠰᠴᠦᠬᠥ᠋ᠭᠵᠢᠬᠦ ᠶᠢ ᠰᠡᠷᠭᠡᠶᠢᠯᠡᠬᠦ ᠳᠤ ᠠᠰᠢᠭᠲᠠᠶ︾ ᠭᠡᠵᠦ ᠫᠢ ᠯᠢᠶᠠᠨ ᠬᠤᠩ ᠬᠡᠯᠡᠭᠰᠡᠨ ᠢᠶᠠᠨ ᠵᠠᠯᠭᠠᠭᠠᠳ | ᠰᠤᠷᠤᠯᠭ᠎ᠠ ᠶᠢᠨ ᠴᠢᠯᠦᠭᠡᠨ ᠳ᠋ᠤᠨᠢᠬᠡᠦᠬᠡᠳ ᠢ ᠵᠤᠷᠢᠬᠵᠢᠭᠤᠯᠤᠨ ᠭᠡᠷ ᠤᠨ ᠭᠠᠳᠠᠨᠠᠬᠢ ᠬᠥᠳᠡᠯᠭᠡᠭᠡᠨ ᠳᠤ | ᠣᠷᠣᠯᠴᠠᠭᠤᠯᠵᠤ᠂ ᠡᠳᠦᠷ ᠪᠦᠷᠢ ᠬᠤᠶᠠᠷ ᠴᠠᠭ ᠢᠯᠡᠭᠦᠦᠬᠥ᠋ᠳᠡᠯᠭᠡᠭᠡᠨ ᠬᠢᠯᠭᠡᠬᠦ ᠬᠡᠷᠡᠭᠲᠡᠢ᠃ ᠡᠭᠦᠨ ᠠᠴᠠ | ᠭᠠᠳᠠᠨ᠎ᠠ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠠᠭ᠎ᠠ ᠶᠢ ᠨᠢ ᠪᠠᠶᠢᠴᠠᠭᠠᠯᠭᠠᠬᠤᠬᠡᠷᠡᠭᠲᠡᠶ᠂ ᠬᠠᠷᠠᠭ᠎ᠠ ᠨᠢ | ᠮᠠᠭᠤᠳᠠᠬᠰᠠᠨ ᠢ ᠤᠯᠵᠤ ᠮᠡᠳᠡᠪᠡᠯ ᠵᠢᠩᠬᠢᠨᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠬᠡᠷᠡᠭᠲᠡᠶ᠂ᠵᠢᠩᠬᠢᠨᠢ | ᠪᠤᠰᠤ ᠵᠠᠷ ᠮᠡᠳᠡᠭᠡ ᠶᠢ ᠠᠮᠠᠷᠬᠠᠨ ᠢᠲᠡᠭᠡᠵᠦ ᠪᠣᠯᠬᠤ ᠦᠭᠡᠢ ᠬᠡᠵᠦ ᠬᠡᠯᠡᠪᠡ᠃ |