︽ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ︾ ᠤᠨ ᠦᠨᠳᠤᠰᠦᠳᠡᠨ ᠤ ᠤᠨᠴᠠᠯᠢᠭ
ᠨᠡᠶᠢᠲᠡᠯᠡᠭᠰᠡᠨ ᠴᠠᠭ᠄
2019/6/11
      ᠰᠢᠨᠬᠤᠸᠠ ᠮᠣᠩᠭᠤᠯ ᠨᠧᠲ ᠬᠦᠬᠡᠬᠤᠳᠠ ᠶᠢᠨ 6 ᠰᠠᠷ᠎ᠠ ᠶᠢᠨ 10 ᠤ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ︶ 7 ᠤ ᠡᠳᠤᠷ ᠦᠪᠦᠷ ᠮᠣᠩᠭᠤᠯ ᠤᠨ 2019 ᠤᠨ ᠤ ︽ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ︾ ᠤᠨ ᠪᠡᠶᠡᠳᠤ ᠪᠤᠰᠤ ᠰᠤᠶᠤᠯ ᠤᠨ ᠦᠪ ᠢ ᠤᠬᠠᠭᠤᠯᠤᠨ ᠰᠤᠷᠳᠠᠯᠴᠢᠯᠠᠬᠤ ᠭᠤᠤᠯ ᠲᠠᠯᠠᠪᠤᠷ ᠠᠵᠢᠯᠯᠠᠭ᠎ᠠ ᠦᠪᠦᠷ ᠮᠣᠩᠭᠤᠯ ᠤᠨ ᠦᠵᠡᠰᠬᠦᠯᠡᠩ ᠤᠨ ᠤᠷᠳᠤᠨ ᠳᠤ ᠨᠡᠬᠡᠬᠡᠯᠳᠡ ᠪᠠᠨ ᠬᠢᠪᠡ᠃ ᠦᠪᠦᠷ ᠮᠣᠩᠭᠤᠯ ᠤᠨ ᠭᠤᠤᠯ ᠲᠠᠯᠠᠪᠤᠷ ᠠᠵᠢᠯᠯᠠᠭ᠎ᠠ ᠨᠢ ᠪᠡᠶᠡᠳᠤ ᠪᠤᠰᠤ ᠰᠤᠶᠤᠯ ᠤᠨ ᠦᠪ ᠢ ᠤᠯᠠᠮᠵᠢᠯᠠᠬᠤ ᠪᠤᠯᠤᠨ ᠶᠠᠳᠠᠭᠤ ᠶᠢ ᠲᠡᠳᠬᠦᠵᠤ ᠴᠢᠨᠡᠭᠡᠯᠢᠭᠵᠢᠬᠦ ᠦᠢᠯᠡᠳᠤᠯᠬᠡ ᠶᠢᠨ ᠲᠤᠮᠳᠠ ᠵᠢᠱᠢᠶᠡᠴᠢ ᠦᠢᠯᠡᠳᠤᠯ ᠦᠵᠡᠬᠦᠯᠵᠤ ᠪᠠᠶᠢᠬᠤ ᠶᠢ ᠭᠤᠤᠯᠳᠠᠯᠭ᠎ᠠ ᠲᠠᠢ ᠲᠠᠨᠢᠯᠴᠠᠭᠤᠯᠬᠤ ᠶᠢᠨ ᠬᠠᠮᠳᠤ ᠨᠡᠶᠢᠬᠡᠮ ᠨᠡᠶᠢᠳᠡ ᠶᠢᠨ ᠤᠷᠤᠯᠴᠠᠭ᠎ᠠ ᠲᠠᠢ ᠪᠠᠷ ᠪᠡᠶᠡᠳᠤ ᠪᠤᠰᠤ ᠰᠤᠶᠤᠯ ᠤᠨ ᠦᠪ ᠢ ᠤᠳᠤ ᠶᠢᠨ ᠠᠮᠢᠳᠤᠷᠠᠯ ᠳᠤ ᠠᠭᠤᠰᠤᠯᠴᠠᠭᠤᠯᠤᠨ ᠤᠷᠤᠭᠤᠯᠬᠤ ᠶᠢ ᠤᠳᠤᠷᠢᠳᠤᠨ ᠲᠠᠭᠠᠭᠤᠯᠬᠤ ᠶᠢ ᠵᠤᠷᠢᠭᠰᠠᠨ ᠪᠠᠶᠢᠨ᠎ᠠ᠃      ᠭᠤᠷᠪᠠᠨ ᠡᠳᠤᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠳᠠᠭᠰᠠᠨ ᠡᠨᠡ ᠬᠦ ᠠᠵᠢᠯᠯᠠᠭ᠎ᠠ ᠳᠤ ︽ᠦᠪᠦᠷ ᠮᠣᠩᠭᠤᠯ ᠤᠨ ᠬᠠᠮᠤᠭ ᠤᠨ ᠭᠤᠶᠤ ᠬᠠᠳᠭᠤᠮᠠᠯᠴᠢᠳ︾ ᠤᠨ ᠬᠠᠳᠬᠤᠮᠠᠯ ᠤᠨ ᠪᠦᠲᠦᠬᠡᠯ ᠤᠨ ᠦᠵᠡᠬᠦᠯᠦᠯᠬᠡ᠂ ︽ᠮᠣᠩᠭᠤᠯ︾ ᠦᠨᠳᠤᠰᠦᠳᠡᠨ ᠤ ᠬᠤᠪᠴᠠᠰᠤ ᠵᠠᠰᠠᠯ ᠤᠨ ᠮᠤᠳᠧᠯ ᠤᠨ ᠦᠵᠡᠬᠦᠯᠦᠯᠳᠡ᠂ ᠮᠣᠩᠭᠤᠯ ᠦᠨᠳᠤᠰᠦᠳᠡᠨ ᠤ ᠬᠠᠭᠤᠴᠢᠨ ᠬᠡᠷᠡᠯ ᠵᠢᠷᠤᠭ ᠤᠨ ᠦᠵᠡᠰᠬᠦᠯᠡᠩ᠂ ︽ᠰᠠᠭᠤᠭᠳᠠᠯ ᠤᠨ ᠬᠤᠷᠴᠢᠨ︾ ᠪᠡᠶᠡᠳᠤ ᠪᠤᠰᠤ ᠰᠤᠶᠤᠯ ᠤᠨ ᠦᠪ ᠤᠨ ᠲᠠᠭᠤᠤ ᠬᠦᠭᠵᠢᠮ ᠤᠨ ᠲᠤᠭᠯᠠᠯᠳᠠ ᠵᠡᠷᠬᠡ ᠪᠠᠶᠠᠯᠢᠭ ᠠᠭᠤᠯᠭ᠎ᠠ ᠬᠠᠮᠤᠷᠤᠭᠳᠠᠵᠤ᠂ ᠢᠷᠭᠡᠳ ᠤᠨ ᠬᠠᠷᠠᠭ᠎ᠠ ᠶᠢ ᠪᠠᠶᠠᠰᠬᠠᠬᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠶᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠪᠤᠯᠤᠨ ᠠᠶᠠᠯᠠᠯ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠬᠢᠯᠡᠵᠤ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠦᠵᠡᠰᠬᠦᠯᠡᠩ ᠤᠨ ᠤᠷᠳᠤᠨ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠪᠡᠶᠡᠳᠤ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ ᠠᠴᠠ ᠲᠠᠭᠠᠭᠠᠴᠢᠯᠠᠨ ᠬᠦᠢᠴᠡᠳᠬᠡᠪᠡ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ