ᠬᠤᠷᠢᠨᠭᠡᠷ ᠰᠢᠶᠠᠨ ᠪᠠᠶᠠᠷ ᠨᠠᠶᠢᠷ ᠤᠨ ᠨᠡᠷᠡᠲᠦ ᠲᠡᠮᠲᠡᠭᠲᠦ ᠶᠢ ᠪᠦᠬᠦ ᠬᠦᠴᠦᠨ ᠢᠶᠠᠷ ᠬᠦᠭᠵᠢᠭᠦᠯᠵᠦ ᠬᠠᠮ ᠵᠢᠭᠤᠯᠴᠢᠯᠠᠯ ᠤᠨ ᠬᠦᠭᠵᠢᠯᠲᠡ ᠶᠢ ᠲᠦᠯᠬᠢᠨ ᠠᠬᠢᠭᠤᠯᠵᠣ ᠪᠣᠢ
ᠨᠡᠶᠢᠲᠡᠯᠡᠭᠰᠡᠨ ᠴᠠᠭ᠄
2019-06-13
       ᠵᠣᠴᠢᠨ᠄ ᠬᠦᠬᠡᠬᠤᠲᠠ ᠶᠢᠨ ᠬᠤᠷᠢᠨᠭᠡᠷ ᠰᠢᠶᠠᠨ ᠤ ᠰᠢᠶᠠᠨ ᠤ ᠳᠡᠳ᠋ ᠳᠠᠷᠤᠭ᠎ᠠ     ᠲᠣᠶᠠᠭ᠎ᠠ
     ﹇ᠬᠠᠮᠢᠶᠠᠷᠣᠭᠴᠢ﹈ ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠦᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠤ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠨ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠤ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ﹇ᠬᠦᠲᠦᠯᠦᠭᠴᠢ﹈ ᠲᠤᠶᠠᠭ᠎ᠠ ᠳᠠᠷᠤᠭ᠎ᠠ ᠰᠠᠶᠢᠨ ᠪᠠᠶᠢᠨ᠎ᠠ ᠤᠤ᠂ ᠲᠠ ᠪᠢᠳᠡᠨ ᠤ ᠥᠨᠥᠳᠥᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠣᠭᠰᠠᠨ ᠳᠤ ᠮᠠᠰᠢ ᠪᠠᠶᠠᠷᠯᠠᠵᠤ ᠪᠠᠶᠢᠨ᠎ᠠ᠃ ᠥᠨᠥᠳᠥᠷ ᠪᠢᠳᠡ ᠣᠯᠠᠨ ᠳᠤ ᠪᠠᠨ ᠮᠠᠨ ᠤ ᠬᠤᠲᠠ ᠶᠢᠨ ᠬᠤᠷᠢᠨᠭᠡᠷ ᠰᠢᠶᠠᠨ ᠨᠢ ᠬᠡᠷᠬᠢᠨ ᠨᠠᠷᠠᠲᠤ ᠲᠡᠮᠳᠡᠭᠲᠦ ᠶᠢᠨ ᠰᠣᠶᠣᠯ ᠵᠢᠭᠤᠯᠴᠢᠯᠠᠯ ᠪᠠᠶᠠᠷ ᠨᠠᠶᠢᠷ ᠤᠨ ᠠᠵᠢᠯᠯᠠᠭ᠎ᠠ ᠶᠢ  ᠪᠣᠶᠢᠵᠢᠭᠤᠯᠣᠨ ᠬᠦᠭᠵᠢᠭᠦᠯᠬᠦ ᠪᠠᠷ ᠳᠠᠮᠵᠢᠭᠤᠯᠤᠨ᠂ ᠬᠤᠷᠢᠨᠭᠡᠷ ᠤᠨ ᠬᠠᠮ ᠵᠢᠭᠤᠯᠴᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠣᠭᠰᠠᠨ ᠲᠤᠬᠠᠢ ᠲᠠᠨᠢᠯᠴᠠᠭᠤᠯᠬᠤ ᠪᠣᠯᠣᠨ᠎ᠠ᠃ ᠶᠠᠭᠤᠨ ᠤ ᠡᠮᠦᠨ᠎ᠡ ᠬᠤᠷᠢᠨᠭᠡᠷ ᠰᠢᠶᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ﹇ᠵᠣᠴᠢᠨ﹈ ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠳᠤᠮᠳᠠ ᠡᠮᠦᠨᠡᠲᠦ ᠬᠡᠰᠡᠭ ᠲᠤ ᠪᠠᠶᠢᠷᠢᠯᠠᠵᠤ᠂ ᠥᠨᠢ ᠤᠳᠠᠭᠠᠨ ᠲᠡᠦᠬᠡ ᠲᠠᠢ᠂ ᠨᠣᠲᠤᠭ ᠤᠰᠣ ᠨᠢ ᠠᠷᠢᠭᠤᠨ ᠲᠠᠭᠱᠢᠨ᠂ ᠮᠠᠰᠢ ᠣᠯᠠᠨ ᠰᠢᠯᠢᠳᠡᠭ ᠬᠦᠮᠦᠰ ᠴᠣᠯᠭᠤᠷᠠᠨ ᠭᠠᠷᠣᠭᠰᠠᠨ  ᠭᠠᠵᠠᠷ ᠶᠤᠮ᠃ ᠣᠶᠢᠷ᠎ᠠ ᠶᠢᠨ ᠵᠢᠯ ᠠᠴᠠ᠂ ᠬᠤᠷᠢᠨᠭᠡᠷ ᠰᠢᠶᠠᠨ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢᠵᠢᠭᠦᠯᠦᠯᠲᠡ᠂ ᠬᠤᠳᠠ ᠪᠠᠯᠭᠠᠰᠤᠵᠢᠯᠳᠠ᠂ ᠮᠡᠳᠡᠭᠡ ᠵᠠᠩᠭᠢᠴᠢᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠬᠠᠮᠵᠢᠯᠴᠠᠭᠤᠯᠣᠨ ᠬᠦᠭᠵᠢᠭᠦᠯᠬᠦ ᠶᠢ ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠢᠳᠡᠭᠡᠨ᠂ ᠡᠭᠦᠯᠡᠨ ᠪᠣᠳᠣᠯᠲᠠ ᠶᠢᠨ ᠲᠣᠮᠣ ᠳ᠋ᠠᠶᠢᠲ᠋ᠠ᠂ ᠴᠠᠬᠢᠯᠭᠠᠨ ᠬᠦᠴᠦ᠂ ᠠᠮᠢ ᠠᠬᠤᠢ᠂ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡ ᠵᠡᠷᠭᠡ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠪᠦᠷᠢᠯᠳᠦᠭᠦᠯᠵᠦ᠂ ᠪᠦᠬᠦ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠢ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠶᠢ ᠴᠣᠭᠴᠠᠯᠠᠨ ᠪᠠᠶᠢᠭᠤᠯᠬᠤ ᠳᠤ ᠯᠠᠪᠳᠠᠭᠤᠨ ᠪᠠᠲᠤᠲᠠᠢ ᠠᠯᠬᠤᠮ ᠢ ᠠᠯᠬᠤᠭᠰᠠᠨ ᠪᠠᠶᠢᠨ᠎ᠠ᠃ ᠠᠵᠤ ᠠᠬᠤᠢ ᠬᠦᠭᠵᠢᠵᠦ ᠨᠡᠶᠢᠭᠡᠮ ᠪᠦᠬᠦ ᠲᠠᠯ᠎ᠠ ᠪᠠᠷ ᠳᠠᠪᠰᠢᠵᠣ ᠪᠠᠶᠢᠬᠤ ᠴᠠᠭ ᠦᠶ᠎ᠡ ᠳᠤ᠂ ᠮᠠᠨ ᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ︽ᠬᠠᠮ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠦ ᠵᠢᠭᠤᠯᠴᠢᠯᠠᠯ ᠤᠨ ᠦᠢᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠠᠵᠤ ᠦᠢᠯᠡᠰ ᠪᠣᠯᠣᠨ ᠠᠷᠠᠳ ᠣᠯᠠᠨ ᠤ ᠨᠠᠩ ᠬᠠᠨᠤᠮᠵᠢᠲᠠᠢ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠵᠢᠭᠤᠯᠴᠢᠯᠠᠯ ᠤᠨ ᠦᠢᠯᠡᠰ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠯ ᠤᠨ ᠰᠠᠭᠤᠷᠢ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠬᠥᠭᠵᠢᠯᠲᠡ ᠶᠢᠨ ᠵᠠᠭᠪᠣᠷ ᠤᠨ ᠰᠢᠨ᠎ᠡ ᠶᠢ ᠡᠭᠦᠳᠴᠦ᠂ ︽ᠲᠣᠭᠤᠷᠢᠨ ᠵᠣᠭᠠᠴᠠᠬᠤ ᠦᠵᠡᠮᠵᠢᠲᠦ ᠣᠷᠣᠨ   ᠴᠡᠴᠡᠭ ᠤᠨ ᠳᠠᠯᠠᠢ ᠬᠤᠷᠢᠨᠭᠡᠷ︾ ᠭᠡᠬᠦ ᠣᠶᠢᠯᠠᠭᠠᠯᠲᠠ ᠶᠣᠰᠣᠭᠠᠷ᠂ ︽ᠬᠠᠮ ᠵᠢᠭᠤᠯᠴᠢᠯᠠᠯ︾ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠤᠯᠠᠷᠢᠯ ᠬᠤᠪᠢᠶᠠᠨ ᠴᠡᠴᠡᠭ ᠬᠤᠸᠠᠷ ᠤᠨ ᠪᠠᠶᠠᠷ ᠨᠠᠶᠢᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ ᠲᠥᠪ ᠬᠤᠲᠠ ᠬᠥᠬᠡᠬᠤᠲᠠ ᠶᠢᠨ ᠲᠡᠭᠦᠷᠭᠡ ᠶᠢᠨ ᠵᠢᠭᠤᠯᠴᠢᠯᠠᠯ ᠤᠨ ᠭᠠᠵᠠᠷ ᠪᠣᠯᠭᠠᠨ ᠢᠳᠡᠪᠬᠢᠲᠡᠶ ᠴᠣᠭᠴᠠᠯᠠᠨ ᠪᠠᠶᠢᠭᠤᠯᠵᠣ ᠪᠣᠢ᠃ 2018 ᠣᠨ ᠳᠤ ᠪᠦᠬᠦ ᠰᠢᠶᠠᠨ ᠤ ᠵᠤᠭᠠᠴᠠᠭᠰᠠᠳ ᠢ 208 ᠲᠦᠮᠡᠨ ᠬᠥᠮᠥᠨ ᠤᠳᠠᠭ᠎ᠠ ᠬᠦᠯᠢᠶᠡᠨ ᠠᠪᠴᠠᠢ᠃      ﹇ᠬᠦᠲᠦᠯᠦᠭᠴᠢ﹈ ᠬᠤᠷᠢᠨᠭᠡᠷ ᠤᠨ ᠠᠷᠪᠠᠳᠤᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠤᠳᠠᠯ ᠦᠭᠡᠢ ᠡᠷᠬᠢᠯᠡᠬᠦ ᠭᠡᠵᠦ ᠪᠠᠶᠢᠨ᠎ᠠ᠂ ᠲᠠ ᠲᠤᠰ ᠬᠤᠭᠤᠴᠠᠭᠠᠨ ᠤ ᠠᠵᠢᠯᠯᠠᠭ᠎ᠠ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ﹇ᠵᠣᠴᠢᠨ﹈ ᠥᠪᠥᠷ ᠮᠣᠩᠭᠤᠯ ᠤᠨ ᠬᠤᠷᠢᠨᠭᠡᠷ ᠤᠨ ᠠᠷᠪᠠᠳᠤᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ  ᠵᠢᠭᠤᠯᠴᠢᠯᠠᠯ ᠤᠨ ᠨᠠᠶᠢᠷ 6 ᠳ᠋ᠤᠭᠠᠷ ᠰᠠᠷ᠎ᠠ ᠶᠢᠨ 1 ᠤ ᠡᠳᠦᠷ ᠬᠤᠷᠢᠨᠭᠡᠷ ᠰᠢᠶᠠᠨ ᠤ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠬᠢᠯᠡᠬᠦ ᠪᠣᠯᠣᠨ᠎ᠠ᠃ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠰᠢᠨ᠎ᠡ ᠶᠢ ᠡᠭᠦᠳᠦᠨ ᠳᠡᠭᠡᠭᠰᠢᠯᠡᠭᠦᠯᠬᠦ᠂ ᠵᠣᠬᠢᠴᠠᠩᠭᠤᠶ ᠪᠠᠷ ᠬᠥᠭᠵᠢᠭᠦᠯᠬᠦ︾ ᠪᠠᠶᠠᠷ ᠨᠠᠶᠢᠷ ᠡᠷᠬᠢᠯᠡᠨ ᠶᠠᠪᠣᠭᠳᠠᠭᠤᠯᠬᠤ ᠰᠡᠳᠬᠢᠴᠡ ᠶᠣᠰᠣᠭᠠᠷ᠂ ᠲᠤᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠨᠢ ︽ᠲᠣᠭᠤᠷᠢᠨ ᠵᠣᠭᠠᠴᠠᠬᠤ ᠦᠵᠡᠮᠵᠢᠲᠦ ᠣᠷᠣᠨ   ᠴᠡᠴᠡᠭ ᠤᠨ ᠳᠠᠯᠠᠢ ᠬᠤᠷᠢᠨᠭᠡᠷ︾ ᠪᠠᠷ ᠭᠤᠤᠯ ᠰᠡᠳᠦᠪ ᠪᠣᠯᠭᠠᠵᠤ᠂ ᠠᠵᠢᠯᠯᠠᠭ᠎ᠠ ᠶᠢᠨ ᠲᠥᠰᠥᠪᠯᠡᠯ ᠤᠨ ᠲᠠᠯ᠎ᠠ ᠪᠠᠷ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠦᠨᠳᠦᠰᠦ ᠪᠣᠯᠭᠠᠵᠤ᠂ ᠴᠡᠴᠡᠭ ᠰᠣᠨᠢᠷᠬᠠᠬᠤ ᠠᠵᠢᠯᠯᠠᠭ᠎ᠠ ᠪᠠᠷ ᠭᠤᠤᠯ ᠰᠢᠵᠢᠮ ᠪᠣᠯᠭᠠᠨ᠂ ᠠᠵᠢᠯᠯᠠᠭ᠎ᠠ ᠶᠢᠨ ᠠᠭᠤᠯᠭ᠎ᠠ ᠳᠤ ᠰᠣᠶᠣᠯ ᠤᠨ ᠰᠣᠯᠢᠯᠴᠠᠭ᠎ᠠ᠂ ᠴᠡᠴᠡᠭ ᠰᠣᠨᠢᠷᠬᠠᠨ ᠵᠣᠭᠠᠴᠠᠬᠤ᠂ ᠰᠡᠯᠡᠭᠦᠴᠡᠯ ᠵᠢᠭᠤᠯᠴᠢᠯᠠᠯ ᠵᠡᠷᠭᠡ ᠣᠯᠠᠨ ᠬᠦᠷᠢᠶ᠎ᠡ ᠶᠢ ᠬᠠᠮᠤᠷᠴᠠᠶ᠃ ᠲᠤᠰ ᠬᠤᠭᠤᠴᠠᠭᠠᠨ ᠤ ᠴᠠᠨ᠎ᠠ ᠴᠡᠴᠡᠭ ᠤᠨ ᠨᠠᠶᠢᠷ ᠨᠢ ︽ᠲᠣᠭᠤᠷᠢᠨ ᠵᠣᠭᠠᠴᠠᠬᠤ ᠦᠵᠡᠮᠵᠢᠲᠦ ᠣᠷᠣᠨ   ᠴᠡᠴᠡᠭ ᠤᠨ ᠳᠠᠯᠠᠢ ᠬᠤᠷᠢᠨᠭᠡᠷ︾ ᠪᠠᠷ ᠭᠤᠤᠯ ᠰᠡᠳᠦᠪ ᠪᠣᠯᠭᠠᠵᠤ᠂ ᠡᠬᠢ ᠪᠠᠶᠠᠯᠢᠭ ᠢ ᠪᠥᠬᠦ ᠬᠦᠴᠦᠨ ᠢᠶᠠᠷ ᠨᠢᠭᠡᠳᠬᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠪᠦᠲᠦᠭᠡᠯᠴᠢ ᠤᠷᠠᠯᠢᠭ ᠢᠶᠠᠨ ᠳᠣᠪᠤᠶᠢᠯᠭᠠᠵᠤ᠂ 13 ᠵᠦᠢᠯ ᠤᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠲᠦᠯᠦᠪᠯᠡᠵᠦ᠂ ᠥᠪᠡᠷᠮᠢᠴᠡ ᠣᠨᠴᠠᠯᠢᠭ ᠪᠦᠬᠦᠢ ᠴᠡᠴᠡᠭ ᠤᠨ ᠳᠠᠯᠠᠢ ᠶᠢᠨ ᠦᠩᠭᠡ ᠦᠵᠡᠮᠵᠢ ᠬᠢᠭᠡᠳ ᠰᠢᠨ᠎ᠡ ᠱᠧᠩ ᠯᠧ ᠶᠢᠨ ᠴᠠᠭ ᠦᠶ᠎ᠡ ᠶᠢᠨ ᠰᠣᠶᠣᠯ ᠤᠨ ᠠᠭᠤᠯᠭ᠎ᠠ ᠲᠠᠢ ᠤᠶᠠᠯᠳᠤᠭᠤᠯᠵᠤ᠂ ᠵᠤᠭᠠᠴᠠᠭᠰᠠᠳ ᠲᠤ ᠨᠢᠭᠡᠨ ᠥᠪᠡᠷᠮᠢᠴᠡ ᠣᠨᠴᠠᠯᠢᠭ ᠪᠦᠬᠦᠢ ᠮᠡᠳᠡᠷᠡᠬᠦᠢ ᠶᠢᠨ ᠦᠪᠡᠳᠡᠭᠰᠢ ᠶᠡᠭᠡ ᠳᠠᠶᠢᠯᠠᠯᠭ᠎ᠠ ᠶᠢ ᠳᠡᠯᠭᠡᠨ ᠦᠵᠡᠭᠦᠯᠬᠦ ᠪᠣᠯᠣᠨ᠎ᠠ᠃      ﹇ᠬᠦᠲᠦᠯᠦᠭᠴᠢ﹈ ᠡᠨᠡ ᠵᠢᠯ ᠤᠨ ᠬᠤᠷᠢᠨᠭᠡᠷ ᠤᠨ ᠴᠠᠨ᠎ᠠ ᠴᠡᠴᠡᠭ ᠤᠨ ᠨᠠᠶᠢᠷ ᠨᠢ ᠥᠩᠭᠡᠷᠡᠭᠰᠡᠨ ᠬᠤᠭᠤᠴᠠᠭᠠᠨ ᠤ ᠬᠢ ᠠᠴᠠ ᠶᠠᠮᠠᠷ ᠰᠢᠨ᠎ᠡ ᠣᠨᠴᠠᠯᠢᠭ ᠲᠠᠢ ᠪᠤᠢ︖      ﹇ᠵᠣᠴᠢᠨ﹈ ᠡᠨᠡ ᠵᠢᠯ ᠪᠣᠯ ᠬᠤᠷᠢᠨᠭᠡᠷ ᠤᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠡᠬᠢᠯᠡᠵᠦ ᠡᠷᠬᠢᠯᠡᠭᠰᠡᠨ ᠠᠷᠪᠠᠳᠤᠭᠠᠷ ᠵᠢᠯ ᠪᠣᠯᠤᠨ᠎ᠠ᠂ ᠵᠣᠬᠢᠶᠠᠨ ᠪᠠᠶᠢᠭᠤᠯᠬᠤ ᠵᠥᠪᠯᠡᠯ ᠤᠯᠠᠨ ᠵᠦᠢᠯ ᠤᠨ ᠦᠨᠳᠦᠰᠦᠨ ᠱᠠᠲᠤᠨ ᠳᠤ ᠣᠶᠢᠷᠠᠲᠣᠭᠰᠠᠨ᠂ ᠠᠭᠤᠯᠭ᠎ᠠ ᠨᠢ ᠨᠠᠷᠢᠯᠢᠭ᠂ ᠬᠢᠷᠢ ᠲᠦᠪᠰᠢᠨ ᠥᠨᠳᠥᠷ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠡᠬᠢᠯᠡᠯᠲᠡ ᠶᠢᠨ ᠶᠣᠰᠣᠯᠠᠯ ᠤᠨ ︽ᠵᠧᠩ ᠳ᠋ᠠ ᠰᠡᠳᠬᠢᠯᠭᠡ︾ ᠲᠣᠭᠯᠠᠯᠲᠠ᠂ ᠪᠦᠬᠦ ᠤᠯᠤᠰ ᠤᠨ ᠶᠢᠨ ᠣᠯᠣᠰ ᠤᠨ ᠵᠦᠴᠦᠭᠡ ᠶᠢᠨ ᠨᠠᠷᠠᠲᠤ ᠬᠦᠮᠦᠰ ᠤᠨ ᠲᠣᠭᠯᠠᠯᠲᠠ᠂ ᠵᠧᠩ ᠳ᠋ᠠ ᠤᠯᠠᠨ ᠤᠯᠤᠰ ᠤᠨ ᠠᠮᠲᠠᠲᠤ ᠢᠳᠡᠭᠡᠨ ᠤ ᠦᠵᠡᠰᠬᠦᠯᠡᠩ᠂ ︽ᠲᠡᠭᠷᠢᠯᠢᠭ ᠬᠥᠪᠡᠭᠦᠨ︾ ᠮᠣᠷᠢᠨ ᠮᠡᠷᠭᠡᠵᠢᠯ ᠤᠨ ᠲᠣᠭᠯᠠᠯᠲᠠ ᠵᠡᠷᠭᠡ ᠠᠵᠢᠯᠯᠠᠭ᠎ᠠ ᠶᠠᠪᠣᠭᠳᠠᠬᠤ ᠪᠣᠯᠣᠨ᠎ᠠ᠃ ᠠᠷᠪᠠᠳᠤᠭᠠᠷ ᠬᠤᠭᠤᠴᠠᠭᠠᠨ ᠤ ᠬᠤᠷᠢᠨᠭᠡᠷ ᠤᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠬᠦᠮᠦᠰ ᠤᠨ ᠪᠠᠭ᠋ᠠᠷᠬᠠᠯ ᠢ ᠣᠯᠣᠭᠰᠠᠨ᠂ ᠬᠤᠷᠢᠨᠭᠡᠷ ᠢ ᠤᠬᠠᠭᠤᠯᠤᠭᠰᠠᠨ᠂ ᠦᠵᠡᠮᠵᠢ ᠶᠢᠨ ᠣᠷᠣᠨ ᠤ ᠬᠥᠭᠵᠢᠯᠲᠡ ᠶᠢ ᠲᠦᠯᠬᠢᠨ ᠠᠬᠢᠭᠤᠯᠣᠭᠰᠠᠨ᠂ ᠤᠯᠠᠨ ᠲᠦᠮᠡᠨ ᠤ ᠰᠡᠳᠬᠢᠯ ᠳᠤ ᠬᠠᠨᠤᠮᠵᠢᠲᠠᠢ ᠨᠡᠷᠡᠲᠦ ᠲᠡᠮᠳᠡᠭᠲᠦ ᠶᠢᠨ ᠠᠵᠢᠯᠯᠠᠭ᠎ᠠ ᠪᠣᠯᠭᠠᠬᠤ ᠪᠠᠷ ᠴᠢᠷᠮᠠᠶᠢᠨ᠎ᠠ᠃      ﹇ᠬᠦᠲᠦᠯᠦᠭᠴᠢ﹈ ᠬᠤᠷᠢᠨᠭᠡᠷ ᠰᠢᠶᠠᠨ ᠴᠠᠨ᠎ᠠ ᠴᠡᠴᠡᠭ ᠤᠨ ᠨᠠᠶᠢᠷ ᠢ ᠡᠷᠬᠢᠯᠡᠨ ᠶᠠᠪᠣᠭᠳᠠᠭᠤᠯᠣᠭᠠᠳ ᠨᠢᠭᠡᠨᠲᠡ ᠠᠷᠪᠠᠨ ᠬᠤᠭᠤᠴᠠᠭ᠎ᠠ ᠪᠣᠯᠣᠯ᠎ᠠ᠂ ᠴᠠᠨ᠎ᠠ ᠴᠡᠴᠡᠭ ᠤᠨ ᠨᠠᠶᠢᠷ ᠢ ᠡᠷᠬᠢᠯᠡᠨ ᠶᠠᠪᠣᠭᠳᠠᠭᠤᠯᠣᠭᠰᠠᠨ ᠨᠢ ᠮᠠᠨ ᠤ ᠲᠣᠬᠠᠢ ᠶᠢᠨ ᠣᠷᠣᠨ ᠤ ᠬᠠᠮ ᠵᠢᠭᠤᠯᠴᠢᠯᠠᠯ ᠢ ᠲᠦᠯᠬᠢᠨ ᠠᠬᠢᠭᠤᠯᠬᠤ᠂ ᠣᠷᠣᠨ ᠨᠣᠲᠤᠭ ᠤᠨ ᠠᠵᠣ ᠠᠬᠤᠢ᠂ ᠰᠣᠶᠣᠯ ᠤᠨ ᠬᠦᠭᠵᠢᠯᠲᠡ ᠵᠡᠷᠭᠡ ᠶᠢ ᠠᠬᠢᠭᠤᠯᠬᠤ ᠳᠤ ᠶᠠᠮᠠᠷᠪᠠ ᠦᠢᠯᠡᠳᠦᠯ ᠢᠶᠠᠨ ᠪᠠᠳᠠᠷᠠᠭᠤᠯᠣᠭᠰᠠᠨ ᠪᠣᠢ︖      ﹇ᠵᠣᠴᠢᠨ﹈ ᠪᠠᠶᠠᠷ ᠨᠠᠶᠢᠷ ᠤᠨ ᠠᠵᠢᠯᠯᠠᠭ᠎ᠠ ᠪᠣᠯ ᠡᠬᠢ ᠪᠠᠶᠠᠯᠢᠭ ᠢ ᠭᠦᠨᠵᠡᠭᠡᠢ ᠠᠭᠤᠳᠠᠯᠠᠬᠤ ᠲᠦᠯᠬᠢᠭᠴᠢ ᠬᠦᠴᠦᠨ ᠮᠦᠨ᠂ ᠠᠵᠣ ᠠᠬᠤᠢ ᠶᠢᠨ ᠬᠦᠭᠵᠢᠯᠲᠡ ᠶᠢ ᠳᠠᠶᠢᠴᠢᠯᠠᠬᠤ ᠴᠢᠬᠤᠯᠠ ᠬᠦᠳᠡᠯᠭᠡᠭᠴᠢ ᠬᠦᠴᠦᠨ᠂ ᠮᠦᠨ ᠴᠦ ᠣᠷᠣᠨ ᠪᠦᠰᠡ ᠶᠢᠨ ᠵᠢᠭᠤᠯᠴᠢᠯᠠᠯ ᠤᠨ ᠵᠣᠭᠠᠴᠠᠭᠰᠠᠳ ᠢ ᠲᠠᠲᠠᠬᠤ ᠷᠢᠳᠢ ᠰᠢᠳᠢ ᠪᠣᠯᠬᠤ ᠶᠤᠮ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠰᠢᠶᠠᠨ ᠬᠠᠮ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠤᠨ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ ᠵᠢᠭᠤᠯᠴᠢᠯᠠᠯ ᠪᠠᠶᠠᠷ ᠨᠠᠶᠢᠷ ᠢᠶᠠᠷ ᠳᠠᠮᠵᠢᠭᠤᠯᠣᠨ ᠵᠢᠭᠤᠯᠴᠢᠯᠠᠯ ᠤᠨ ᠪᠦᠲᠦᠭᠡᠭᠳᠡᠭᠦᠨ ᠪᠣᠯᠣᠨ ᠵᠠᠮ ᠱᠤᠭᠤᠮ ᠤᠨ ᠪᠦᠬᠦ ᠲᠠᠯ᠎ᠠ ᠪᠠᠷ ᠰᠢᠯᠢᠳᠡᠭᠵᠢᠬᠦ ᠶᠢ ᠲᠠᠰᠣᠷᠠᠯᠲᠠ ᠦᠭᠡᠢ ᠠᠬᠢᠭᠤᠯᠣᠭᠰᠠᠨ ᠪᠠᠶᠢᠨ᠎ᠠ᠃ ᠮᠠᠨ ᠤ ᠰᠢᠶᠠᠨ ᠨᠢ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠬᠤ ᠪᠠᠷ ᠳᠠᠮᠵᠢᠵᠣ᠂ ᠪᠠᠶᠠᠷ ᠨᠠᠶᠢᠷ ᠤᠨ ᠠᠵᠢᠯᠯᠠᠭ᠎ᠠ ᠶᠢᠨ ᠲᠣᠲᠣᠭᠠᠳᠣ ᠠᠭᠤᠯᠣᠭᠳᠠᠬᠤᠨ ᠢ ᠲᠠᠰᠣᠷᠠᠯᠲᠠ ᠦᠭᠡᠢ ᠪᠠᠶᠠᠯᠢᠭᠵᠢᠭᠤᠯᠵᠣ᠂ ᠭᠠᠵᠠᠷ ᠣᠷᠣᠨ ᠤ ᠬᠦᠮᠦᠰ ᠲᠤ ᠮᠡᠳᠡᠷᠡᠭᠳᠡᠵᠦ ᠪᠠᠶᠢᠭ᠎ᠠ ᠬᠡᠮᠵᠢᠶ᠎ᠡ ᠶᠡᠬᠡᠪᠡᠷ ᠳᠡᠭᠡᠭᠰᠢᠯᠡᠭᠰᠡᠨ ᠪᠠᠶᠢᠨ᠎ᠠ᠃      ᠨᠢᠭᠡ ᠳᠤ᠂ ᠬᠤᠲᠠ ᠪᠠᠯᠭᠠᠰᠣ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠴᠠᠨ᠎ᠠ ᠴᠡᠴᠡᠭ ᠤᠨ ᠠᠵᠣ ᠦᠢᠯᠡᠰ ᠤᠨ ᠬᠦᠭᠵᠢᠯᠲᠡ ᠪᠠᠷ ᠠᠵᠠ ᠲᠣᠬᠢᠶᠠᠯ ᠪᠣᠯᠭᠠᠵᠣ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠲᠠᠰᠣᠷᠠᠯᠲᠠ ᠦᠭᠡᠢ ᠪᠦᠷᠢᠨᠰᠢᠵᠦ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠤᠯᠠᠮ ᠨᠢᠭᠡ ᠠᠯᠬᠤᠮ ᠨᠡᠮᠡᠭᠳᠡᠨ᠂ ᠬᠤᠲᠠ ᠶᠢᠨ ᠪᠦᠬᠦᠯᠢ ᠴᠣᠭᠴᠠᠲᠣ ᠪᠦᠲᠦᠭᠡᠨ ᠪᠠᠶᠢᠭᠤᠯᠣᠯᠲᠠ ᠶᠢᠨ ᠬᠢᠷᠢ ᠲᠥᠪᠰᠢᠨ ᠶᠡᠬᠡᠪᠡᠷ ᠳᠡᠭᠡᠭᠰᠢᠯᠡᠭᠰᠡᠨ ᠪᠠᠶᠢᠨ᠎ᠠ᠃      ᠬᠤᠶᠠᠷ ᠲᠤ᠂ ᠬᠤᠷᠢᠨᠭᠡᠷ ᠤᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠰᠠᠶᠢᠲᠣᠷ ᠶᠠᠪᠣᠭᠳᠠᠭᠤᠯᠬᠤ ᠪᠠᠷ ᠬᠦᠴᠦᠯᠡᠴᠡ ᠶᠢᠨ ᠴᠡᠭ ᠪᠣᠯᠭᠠᠵᠣ᠂ ᠵᠢᠭᠤᠯᠴᠢᠯᠠᠯ ᠤᠨ ᠠᠵᠣ ᠦᠢᠯᠡᠰ ᠤᠨ ᠬᠦᠭᠵᠢᠯᠲᠡ ᠶᠢ ᠭᠦᠨᠵᠡᠭᠡᠶᠢᠷᠡᠭᠦᠯᠵᠦ᠂ ᠠᠵᠣ ᠦᠢᠯᠡᠰ ᠤᠨ ᠬᠡᠯᠬᠢᠶᠡᠵᠢᠯ ᠢ ᠣᠷᠲᠣᠳᠬᠠᠵᠣ᠂ ᠵᠢᠭᠤᠯᠴᠢᠯᠠᠯ ᠰᠣᠶᠣᠯ ᠤᠨ ᠡᠬᠢ ᠪᠠᠶᠠᠯᠢᠭ ᠢ ᠪᠠᠶᠠᠯᠢᠭᠵᠢᠭᠤᠯᠵᠣ᠂ ᠭᠤᠷᠪᠠᠳᠣᠭᠠᠷ ᠠᠵᠣ ᠦᠢᠯᠡᠰ ᠤᠨ ᠬᠦᠭᠵᠢᠯᠲᠡ ᠶᠢ ᠨᠡᠩ ᠰᠠᠶᠢᠨ ᠳᠠᠶᠢᠴᠢᠯᠠᠵᠣ᠂ ᠨᠡᠶᠢᠭᠡᠮ ᠤᠨ ᠦᠷ᠎ᠡ ᠪᠦᠲᠦᠮᠵᠢ ᠪᠣᠯᠣᠨ ᠠᠵᠣ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠦᠭᠰᠡᠨ ᠪᠠᠶᠢᠨ᠎ᠠ᠃      ᠭᠤᠷᠪᠠ ᠳᠤ᠂ ᠴᠠᠨ᠎ᠠ ᠴᠡᠴᠡᠭ ᠤᠨ ᠵᠢᠭᠤᠯᠴᠢᠯᠠᠯ ᠤᠨ ᠨᠠᠶᠢᠷ ᠢ ᠡᠷᠬᠢᠯᠡᠨ ᠶᠠᠪᠣᠭᠳᠠᠭᠤᠯᠣᠭᠰᠠᠨ ᠨᠢ ᠬᠤᠲᠠ ᠶᠢᠨ ᠪᠣᠯᠪᠠᠰᠣᠨ ᠤ ᠳᠡᠭᠡᠭᠰᠢᠯᠡᠯᠲᠡ ᠶᠢ ᠬᠦᠴᠦᠲᠡᠢ ᠠᠬᠢᠭᠤᠯᠵᠣ᠂ ᠠᠷᠠᠳ ᠤᠯᠠᠨ ᠤ ᠪᠣᠯᠪᠠᠰᠣᠨ ᠤ ᠤᠬᠠᠮᠰᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃      ᠬᠠᠮ ᠵᠢᠭᠤᠯᠴᠢᠯᠠᠯ ᠤᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ ᠬᠤᠷᠢᠨᠭᠡᠷ ᠰᠢᠶᠠᠨ ᠥᠪᠡᠷᠮᠢᠴᠡ ᠣᠨᠴᠠᠯᠢᠭ ᠪᠦᠬᠦᠢ ᠡᠬᠢ ᠪᠠᠶᠠᠯᠢᠭ ᠤᠨ ᠳᠠᠪᠠᠭᠤᠯᠢᠭ ᠪᠠᠶᠢᠬᠤ ᠮᠦᠷᠲᠡᠭᠡᠨ ᠪᠠᠶᠢᠯᠳᠣᠬᠤ ᠪᠣᠳᠣᠯᠭ᠎ᠠ ᠶᠢᠨ ᠠᠵᠠ ᠲᠣᠬᠢᠶᠠᠯ ᠪᠠᠶᠢᠭ᠎ᠠ ᠶᠢᠨ ᠬᠠᠮᠲᠣ ᠵᠠᠬ᠎ᠠ ᠳᠡᠯᠭᠡᠭᠦᠷ ᠤᠨ ᠰᠢᠯᠭᠠᠯᠲᠠ ᠶᠢ ᠬᠦᠯᠢᠶᠡᠵᠦ ᠪᠠᠶᠢᠭ᠎ᠠ ᠶᠤᠮ᠃ ᠮᠠᠨ ᠤ ᠰᠢᠶᠠᠨ  ᠨᠢ ᠣᠳᠣᠬᠠᠨ ᠳᠤ ᠬᠠᠮ ᠵᠢᠭᠤᠯᠴᠢᠯᠠᠯ ᠤᠨ ᠬᠦᠭᠵᠢᠯᠲᠡ ᠶᠢᠨ ᠠᠩᠬᠠᠨ ᠤ ᠱᠠᠲᠣᠨ ᠳᠤ ᠪᠠᠶᠢᠭᠰᠠᠭᠠᠷ᠂ ᠳᠠᠷᠠᠭᠠᠴᠢ ᠶᠢᠨ ᠠᠯᠬᠤᠮ ᠳᠤ ᠪᠢᠳᠡ ᠬᠤᠸᠠᠷ ᠴᠡᠴᠡᠭ ᠤᠨ ᠲᠦᠷᠥᠯ ᠤᠨ ᠪᠠᠶᠠᠷ ᠨᠠᠶᠢᠷ ᠤᠨ ᠠᠵᠢᠯᠯᠠᠭ᠎ᠠ ᠶᠢᠨ ᠳᠠᠭᠠᠯᠲᠠ ᠪᠦᠲᠦᠭᠡᠭᠳᠡᠭᠦᠨ ᠤ ᠬᠡᠯᠬᠢᠶᠡᠵᠢᠯ ᠵᠢᠴᠢ ᠰᠣᠶᠣᠯ ᠤᠨ ᠨᠡᠷᠡᠲᠦ ᠲᠡᠮᠳᠡᠭᠲᠦ ᠶᠢ ᠨᠡᠩ ᠨᠠᠷᠢᠯᠢᠭᠵᠢᠭᠤᠯᠣᠨ᠂ ᠨᠡᠩ ᠶᠡᠭᠡ ᠠᠵᠣ ᠦᠢᠯᠡᠰ ᠤᠨ ᠠᠵᠣ ᠠᠬᠤᠢ ᠶᠢᠨ ᠬᠦᠭᠵᠢᠯᠲᠡ ᠶᠢᠨ ᠳᠠᠯᠳᠠ ᠬᠦᠴᠦᠨ ᠲᠠᠢ ᠪᠦᠷᠢᠨ ᠲᠡᠭᠦᠯᠳᠡᠷ ᠬᠡᠯᠬᠢᠶᠡᠵᠢᠯ ᠪᠣᠯᠭᠠᠨ ᠴᠣᠭᠴᠠᠯᠠᠵᠣ᠂ ︽ᠬᠤᠸᠠᠷ ᠴᠡᠴᠡᠭ ᠰᠣᠨᠢᠷᠬᠠᠬᠤ︾ ᠡᠶᠢᠮᠦᠷᠬᠦ ᠢᠳᠡᠪᠬᠢᠲᠡᠢ ᠮᠦᠷᠲᠡᠭᠡᠨ ᠪᠦᠲᠦᠮᠵᠢᠲᠡᠢ ᠵᠠᠭᠤᠴᠢ ᠬᠤᠯᠪᠣᠭᠠᠰᠣ ᠪᠠᠷ ᠳᠠᠮᠵᠢᠵᠣ᠂ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠬᠦᠭᠵᠢᠯᠲᠡ ᠶᠢᠨ ᠯᠣᠲᠣ ᠶᠡᠭᠡ ᠳᠠᠯᠳᠠ ᠬᠦᠴᠦᠨ ᠢ ᠳᠠᠶᠢᠴᠢᠯᠠᠬᠤ ᠪᠣᠯᠣᠨ᠎ᠠ᠃ ᠰᠣᠶᠣᠯ ᠵᠢᠭᠤᠯᠴᠢᠯᠠᠯ ᠤᠨ ᠦᠢᠯᠡᠰ ᠢ ᠨᠢᠭᠡᠨ ᠰᠢᠨ᠎ᠡ ᠬᠡᠪ ᠪᠠᠶᠢᠳᠠᠯ ᠳᠤ ᠵᠣᠬᠢᠴᠠᠭᠰᠠᠨ᠂ ᠰᠢᠨ᠎ᠡ ᠬᠦᠳᠡᠯᠭᠡᠬᠦ ᠬᠦᠴᠦᠨ ᠢ ᠪᠣᠶᠢᠵᠢᠭᠤᠯᠣᠨ ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢᠨ ᠠᠷᠭ᠎ᠠ ᠠᠪᠴᠠᠯ ᠪᠣᠯᠭᠠᠨ ᠠᠳᠬᠤᠵᠣ᠂ ᠥᠷᠨᠢᠭᠦᠨ ᠪᠠᠳᠠᠷᠠᠩᠭᠤᠢ ᠪᠠᠶᠠᠷ ᠨᠠᠶᠢᠷ ᠤᠨ ᠠᠵᠢᠯᠯᠠᠭ᠎ᠠ ᠶᠢ ᠵᠠᠬ᠎ᠠ ᠳᠡᠯᠭᠡᠭᠦᠷ ᠲᠡᠰᠢ ᠬᠠᠨᠳᠣᠭᠤᠯᠵᠣ᠂ ᠵᠢᠭᠤᠯᠴᠢᠯᠠᠯ ᠤᠨ ᠢᠵᠢ ᠪᠦᠷᠢᠳᠦᠭᠦᠯᠦᠭᠰᠡᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢᠨ ᠠᠵᠢᠯ ᠂ ᠤᠬᠠᠭᠤᠯᠭ᠎ᠠ ᠪᠣᠯᠣᠨ ᠲᠦᠰᠥᠪᠯᠡᠨ ᠲᠦᠯᠥᠪᠯᠡᠬᠦ ᠠᠵᠢᠯ ᠢ ᠰᠠᠶᠢᠲᠣᠷ ᠬᠢᠵᠦ᠂ ᠲᠡᠭᠦᠨ ᠢ ᠪᠡᠯᠡ ᠣᠷᠣᠭᠤᠯᠣᠯᠲᠠ ᠶᠢᠨ ᠭᠤᠣᠯᠳᠠᠯᠭ᠎ᠠ᠂ ᠬᠡᠷᠡᠭᠯᠡᠭᠡᠨ ᠤ ᠬᠠᠯᠠᠮᠰᠢᠯ᠂ ᠴᠢᠯᠦᠭᠡᠲᠡᠢ ᠨᠡᠭᠡᠭᠡᠯᠲᠡ ᠶᠢᠨ ᠭᠢᠯᠠᠰ ᠴᠡᠭ ᠪᠣᠯᠭᠠᠨ ᠪᠠᠶᠢᠭᠤᠯᠣᠨ ᠴᠣᠭᠴᠠᠯᠠᠵᠣ᠂ ᠠᠵᠣ ᠠᠬᠤᠢ ᠶᠢᠨ ᠯᠠᠪᠳᠠᠭᠤᠨ ᠲᠣᠭᠲᠠᠭᠤᠨ ᠢᠶᠠᠷ ᠣᠷᠣᠭᠰᠢᠯᠠᠬᠤ ᠳᠤ ᠬᠦᠴᠦᠨ ᠨᠡᠮᠡᠷᠢᠯᠡᠨ᠎ᠡ᠃      ﹇ᠬᠦᠲᠦᠯᠦᠭᠴᠢ﹈ ᠠᠷᠪᠠᠳᠣᠭᠠᠷ ᠬᠤᠭᠤᠴᠠᠭᠠᠨ ᠤ ᠴᠠᠨ᠎ᠠ ᠴᠡᠴᠡᠭ ᠤᠨ ᠨᠠᠶᠢᠷ ᠬᠡᠳᠦᠨ ᠡᠳᠦᠷ ᠠᠴᠠ ᠡᠬᠢᠯᠡᠬᠦ ᠪᠣᠯᠣᠯ᠎ᠠ᠂ ᠮᠠᠰᠢ ᠤᠯᠠᠨ ᠵᠣᠭᠠᠴᠠᠭᠰᠠᠳ ᠬᠤᠷᠢᠨᠭᠡᠷ ᠲᠤ ᠬᠦᠷᠴᠦ ᠬᠤᠸᠠᠷ ᠴᠡᠴᠡᠭ ᠰᠣᠨᠢᠷᠬᠠᠬᠤ ᠪᠠᠶᠢᠬ᠎ᠠ᠂ ᠲᠠ ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠤᠨ ᠦᠵᠡᠮᠵᠢᠲᠦ ᠭᠠᠵᠠᠷ ᠪᠠᠰᠠ ᠶᠠᠮᠠᠷ ᠶᠠᠮᠠᠷ ᠪᠠᠶᠢᠬᠤ᠂ ᠶᠠᠮᠠᠷ ᠶᠠᠮᠠᠷ ᠣᠨᠴᠠᠯᠢᠭᠲᠣ ᠢᠳᠡᠭᠡᠨ ᠪᠠᠶᠢᠬᠤ ᠶᠢ ᠲᠠᠨᠢᠯᠴᠠᠭᠤᠯᠣᠭᠠᠳ ᠥᠭᠭᠦᠨ᠎ᠡ ᠦᠦ︖      ﹇ᠵᠣᠴᠢᠨ﹈ ᠲᠣᠰ ᠬᠤᠭᠤᠴᠠᠭ᠎ᠠ ᠶᠢᠨ ᠴᠠᠨ᠎ᠠ ᠴᠡᠴᠡᠭ ᠤᠨ ᠨᠠᠶᠢᠷ ᠤᠨ ᠬᠤᠭᠤᠴᠠᠭᠠᠨ ᠳᠤ᠂ ᠮᠠᠨ ᠤ ᠰᠢᠶᠠᠨ ᠤ ᠵᠢᠭᠤᠯᠴᠢᠯᠠᠯ ᠤᠨ ᠵᠠᠮ ᠱᠣᠭᠤᠮ ᠴᠦ ᠤᠯᠠᠨ ᠶᠠᠩᠵᠤ ᠶᠢᠨ ᠪᠣᠯᠣᠭᠰᠠᠨ ᠪᠠᠶᠢᠨ᠎ᠠ᠂ ᠲᠡᠥᠬᠡ ᠰᠣᠶᠣᠯ ᠤᠨ ᠵᠢᠭᠤᠯᠴᠢᠯᠠᠯ᠂ ᠠᠭᠤᠯᠠ ᠣᠰᠣᠨ ᠤ ᠠᠮᠢ ᠠᠬᠤᠢ ᠶᠢᠨ ᠵᠢᠭᠤᠯᠴᠢᠯᠠᠯ᠂ ᠬᠦᠳᠡᠭᠡ ᠠᠵᠣ ᠠᠬᠤᠢ ᠶᠢᠨ ᠰᠡᠯᠡᠭᠦᠴᠡᠯ ᠵᠢᠭᠤᠯᠴᠢᠯᠠᠯ᠂ ᠪᠡᠶ᠎ᠡ ᠶᠢᠨ ᠲᠠᠮᠢᠷ ᠪᠡᠶ᠎ᠡ ᠪᠣᠯᠪᠠᠰᠣᠷᠠᠭᠤᠯᠬᠤ ᠵᠢᠭᠤᠯᠴᠢᠯᠠᠯ᠂ ᠠᠵᠣ ᠦᠢᠯᠡᠳᠪᠦᠷᠢ ᠶᠢᠨ ᠰᠠᠭᠤᠷᠢᠨ ᠭᠠᠵᠠᠷ ᠤᠨ ᠵᠢᠭᠤᠯᠴᠢᠯᠠᠯ ᠵᠡᠷᠭᠡ ᠵᠠᠮ ᠱᠣᠭᠤᠮ ᠪᠣᠢ᠃ ᠵᠣᠭᠠᠴᠠᠭᠰᠠᠳ ᠴᠠᠨ᠎ᠠ ᠴᠡᠴᠡᠭ ᠰᠣᠨᠢᠷᠬᠠᠬᠤ ᠶᠢᠨ ᠳᠠᠭᠠᠣ ᠮᠧᠩ ᠨᠢᠦ ᠠᠵᠣ ᠦᠢᠯᠡᠳᠪᠦᠷᠢ ᠶᠢᠨ ᠬᠦᠷᠢᠶᠡᠯᠡᠩ ︵AAAA︶᠂ ᠣᠣ ᠸᠧᠢ ᠮᠧᠩ ᠶᠣᠸᠠᠨ ᠠᠳᠣᠭᠤᠨ ᠰᠣᠶᠣᠯ ᠤᠨ ᠠᠵᠣ ᠦᠢᠯᠡᠰ ᠤᠨ ᠬᠦᠷᠢᠶᠡᠯᠡᠩ ︵AAAA︶᠂ ᠮᠧᠩ ᠼᠣᠣ· ᠡᠪᠡᠰᠦ ᠴᠡᠴᠡᠭ ᠤᠨ ᠬᠦᠷᠢᠶᠠᠯᠡᠩ ︵AAA︶᠂ ᠱᠧᠩ ᠯᠧ ᠮᠦᠽᠧᠢ ︵AAA︶᠂ ᠮᠧᠩ ᠱᠤ᠋ ᠠᠮᠢ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ︵AAA︶᠂ ᠬᠦᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠲᠠᠢ ᠭᠧ ᠳ᠋ᠧᠦ ᠲᠠᠷᠢᠶᠠᠯᠨᠬᠤ ᠲᠣᠰᠬᠤᠨ ︵ᠬᠤᠲᠠ ᠶᠢᠨ ᠳᠡᠰ ᠤᠨ ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ︶ ᠵᠡᠷᠭᠡ ᠦᠵᠡᠮᠵᠢ ᠶᠢᠨ ᠭᠠᠵᠠᠷ ᠢ ᠰᠣᠩᠭᠤᠨ ᠲᠣᠭᠤᠷᠢᠵᠣ ᠪᠣᠯᠣᠨ᠎ᠠ᠃ ᠣᠨᠴᠠᠯᠢᠭᠲᠣ ᠰᠣᠶᠣᠯ ᠤᠨ ᠲᠠᠸᠠᠷ ᠭᠤᠣᠯᠳᠠᠭᠤ᠄ ᠬᠤᠷᠢᠨᠭᠡᠷ ᠤᠨ ᠬᠠᠶᠢᠴᠢᠯᠠᠮᠠᠯ᠂ ᠰᠢᠪᠠᠷ ᠱᠤᠭᠤᠮᠠᠯ ᠵᠢᠴᠢ ᠮᠧᠩ ᠨᠢᠦ᠂ ᠮᠧᠩ ᠶᠠᠩ ᠵᠡᠷᠭᠡ ᠨᠡᠷᠡᠲᠦ ᠢᠳᠡᠭᠡᠨ᠂ ᠣᠨᠴᠠᠯᠢᠭᠲᠣ ᠢᠳᠡᠭᠡᠨ ᠨᠢ ᠬᠤᠷᠢᠨᠭᠡᠷ ᠤᠨ ᠬᠤᠨᠢᠨ ᠮᠢᠬ᠎ᠠ᠂ ᠲᠣᠰᠤᠨ ᠳᠤ ᠪᠣᠴᠠᠯᠭᠠᠭᠰᠠᠨ ᠪᠣᠭᠤᠷᠰᠤᠭ᠂ ᠶᠣᠣᠮᠠᠢ ᠶᠢᠨ ᠭᠤᠯᠢᠷ ᠵᠡᠷᠭᠡ ᠪᠣᠢ᠃      ﹇ᠬᠦᠲᠦᠯᠦᠭᠴᠢ﹈ ᠰᠦᠯᠵᠢᠶᠡᠨ ᠠᠨᠳᠠ ᠶᠢᠨ ᠠᠰᠠᠭᠤᠯᠲᠠ᠄ ᠬᠦᠬᠡᠬᠤᠲᠠ ᠠᠴᠠ ᠬᠤᠷᠢᠨᠭᠡᠷ ᠲᠤ ᠴᠡᠴᠡᠭ ᠰᠣᠨᠢᠷᠬᠠᠬᠤ ᠪᠠᠷ ᠣᠴᠢᠪᠠᠯ ᠶᠠᠮᠠᠷ ᠵᠠᠮ ᠢᠶᠠᠷ ᠶᠠᠪᠣᠬᠤ ᠪᠣᠢ︖      ﹇ᠵᠣᠴᠢᠨ﹈ ᠬᠦᠬᠡᠬᠤᠲᠠ ᠠᠴᠠ ᠬᠤᠷᠢᠨᠭᠡᠷ ᠲᠤ ᠢᠷᠡᠬᠦ ᠳᠤ ᠲᠡᠷᠭᠡ ᠵᠢᠯᠣᠭᠤᠳᠬᠤ ᠪᠣᠶᠣ ᠨᠡᠶᠢᠲᠡ ᠶᠢᠨ ᠮᠠᠰᠢᠨ ᠳᠤ ᠰᠠᠭᠤᠵᠣ ᠪᠣᠯᠣᠨ᠎ᠠ᠄ ᠥᠪᠡᠷ ᠢᠶᠠᠨ ᠲᠡᠷᠭᠡ ᠵᠢᠯᠣᠭᠤᠳᠴᠤ ᠢᠷᠡᠪᠡᠯ 209 ᠣᠯᠣᠰ ᠤᠨ ᠳᠡᠰ ᠤᠨ ᠵᠠᠮ᠂ ᠶᠢᠨ ᠱᠧᠩ ᠵᠠᠮ᠂ ᠬᠦᠬᠡᠬᠤᠲᠠ ᠠᠴᠠ ᠱᠦᠸᠧᠵᠸᠦ ᠬᠦᠷᠬᠦ ᠲᠦᠷᠭᠡᠨ ᠤ ᠵᠠᠮ ᠢ ᠰᠣᠩᠭᠤᠵᠣ ᠪᠣᠯᠣᠨ᠎ᠠ᠂ ᠪᠠᠷᠤᠭ 50 ᠺᠢᠯᠣᠮᠧᠲᠷ᠂ 1 ᠴᠠᠭ ᠭᠠᠷᠣᠢ ᠵᠠᠷᠣᠴᠠᠭᠤᠯᠣᠨ᠎ᠠ᠃ ᠨᠡᠶᠢᠲᠡ ᠶᠢᠨ ᠮᠠᠰᠢᠨ ᠳᠤ ᠰᠠᠭᠤᠪᠠᠯ 209 ᠳ᠋ᠦ᠋ᠭᠡᠷ ᠵᠠᠮ᠂119 ᠳ᠋ᠦ᠋ᠭᠡᠷ ᠵᠠᠮ᠂101 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠣ ᠱᠧᠩ ᠯᠧ ᠠᠵᠣ ᠠᠬᠤᠢ ᠶᠢᠨ ᠬᠦᠷᠢᠶᠠᠯᠡᠩ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ ᠤᠨ ᠦᠷᠲᠡᠭᠡᠨ ᠳᠤ ᠪᠠᠭᠤᠵᠣ᠂ ᠳᠠᠬᠢᠨ ᠬᠤᠷᠢᠨᠭᠡᠷ1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠣ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠦᠷᠴᠦ ᠪᠣᠯᠣᠨ᠎ᠠ᠃      ﹇ᠬᠦᠲᠦᠯᠦᠭᠴᠢ﹈ ᠰᠦᠯᠵᠢᠶᠡᠨ ᠠᠨᠳᠠ ᠶᠢᠨ ᠠᠰᠠᠭᠤᠯᠲᠠ᠄ ᠦᠵᠡᠮᠵᠢ ᠶᠢᠨ ᠣᠷᠣᠨ ᠤ ᠡᠭᠦᠳᠡᠨ ᠪᠢᠯᠧᠲ ᠬᠡᠳᠦᠢ ᠵᠣᠭᠤᠰ ᠪᠣᠢ᠂ ᠬᠠᠷᠠᠭᠠᠯᠵᠠᠯ ᠲᠠᠢ ᠦᠦ︖      ﹇ᠵᠣᠴᠢᠨ﹈ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠦᠮᠦᠨ ᠪᠦᠷᠢ 30 ᠲᠦᠭᠦᠷᠢᠭ︔ ᠬᠤᠷᠢᠨᠭᠡᠷ ᠰᠢᠶᠠᠨ ᠤ ᠲᠣᠰ ᠭᠠᠵᠠᠷ ᠤᠨ ᠰᠠᠭᠤᠭᠠᠯᠢ ᠠᠷᠠᠳ ᠥᠪᠡᠷ ᠤᠨ ᠪᠡᠶ᠎ᠡ ᠶᠢᠨ ᠦᠨᠡᠮᠯᠡᠯ ᠢᠶᠠᠷ ᠢᠶᠠᠨ  ᠰᠦᠢᠳᠬᠡᠯ ᠬᠤᠷᠢᠶᠡᠬᠤ ᠦᠭᠡᠢ ᠪᠠᠷ ᠴᠡᠴᠡᠷᠯᠢᠭ ᠲᠤ ᠣᠷᠣᠵᠣ ᠪᠣᠯᠣᠨ᠎ᠠ︔ ᠪᠡᠶ᠎ᠡ ᠶᠢᠨ ᠦᠨᠳᠦᠷ ᠨᠢ1.2 ᠮᠧᠲᠷ ᠠᠴᠠ ᠳᠣᠷᠣᠭᠰᠢ ᠬᠡᠥᠬᠡᠳ ᠰᠦᠢᠳᠬᠡᠯ ᠬᠤᠷᠢᠶᠡᠬᠤ ᠦᠭᠡᠢ ᠪᠠᠷ ᠴᠡᠴᠡᠷᠯᠢᠭ ᠲᠤ ᠣᠷᠣᠵᠣ ᠪᠣᠯᠣᠨ᠎ᠠ︔ 60 ᠨᠠᠰᠣᠨ ᠠᠴᠠ ᠳᠡᠭᠡᠭᠰᠢᠬᠢ ᠨᠠᠰᠣᠲᠠᠶᠢᠴᠣᠳ᠂ ᠵᠡᠮᠳᠡᠭᠴᠦᠳ᠂ ᠵᠢᠩᠬᠢᠨᠢ ᠠᠯᠪᠠᠨ ᠴᠡᠷᠢᠭ᠂ ᠰᠣᠷᠪᠣᠯᠵᠢᠯᠠᠭᠴᠢ᠂ ᠵᠢᠭᠤᠯᠴᠢᠯᠠᠯ ᠤᠨ ᠵᠠᠮᠴᠢᠯᠠᠭᠴᠢ ᠬᠦᠴᠦᠨ ᠪᠦᠬᠦᠢ ᠦᠨᠡᠮᠯᠡᠯ ᠢᠶᠠᠷ ᠢᠶᠠᠨ ᠰᠦᠢᠳᠬᠡᠯ ᠬᠤᠷᠢᠶᠠᠬᠤ ᠦᠭᠡᠢ ᠪᠠᠷ ᠴᠡᠴᠡᠷᠯᠢᠭ ᠲᠤ ᠣᠷᠣᠵᠣ ᠪᠣᠯᠣᠨ᠎ᠠ︔ ᠰᠤᠷᠤᠭᠴᠢᠳ ᠰᠤᠷᠤᠭᠴᠢ ᠶᠢᠨ ᠦᠨᠡᠮᠯᠡᠯ ᠢᠶᠠᠷ ᠢᠶᠠᠨ ᠬᠠᠭᠠᠰ ᠦᠨ᠎ᠡ ᠶᠢᠨ ᠪᠢᠯᠧᠲ ᠬᠤᠳᠠᠯᠳᠣᠨ ᠠᠪᠣᠨ᠎ᠠ᠃      ﹇ᠬᠦᠲᠦᠯᠦᠭᠴᠢ﹈ ᠡᠨᠡᠬᠦ ᠣᠳᠠᠭᠠᠨ ᠤ ᠰᠣᠷᠪᠣᠯᠵᠢᠯᠠᠭ᠎ᠠ ᠪᠠᠷ ᠳᠠᠮᠵᠢᠵᠣ᠂ ᠤᠯᠠᠨ ᠢᠶᠠᠷ ᠢᠶᠠᠨ ᠥᠪᠥᠷ ᠮᠣᠩᠭᠤᠯ ᠤᠨ ᠬᠤᠷᠢᠨᠭᠡᠷ ᠤᠨ ᠠᠷᠪᠠᠳᠣᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠤᠨ ᠠᠵᠢᠯᠯᠠᠭ᠎ᠠ ᠳᠤ ᠨᠡᠩ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠵᠤ᠂ ᠬᠤᠷᠢᠨᠭᠡᠷ ᠤᠨ ᠵᠢᠭᠤᠯᠴᠢᠯᠠᠯ ᠳᠤ ᠨᠡᠩ ᠭᠦᠨᠵᠡᠭᠡᠢ ᠲᠥᠷᠥᠭᠳᠡᠯ ᠲᠠᠢ ᠪᠣᠯᠣᠭᠰᠠᠨ ᠪᠠᠶᠢᠨ᠎ᠠ᠃ ᠲᠤᠶᠠᠭ᠎ᠠ ᠳᠠᠷᠤᠭ᠎ᠠ ᠳᠤ ᠪᠠᠶᠠᠷᠯᠠᠯ᠎ᠠ᠃      ﹇ᠵᠣᠴᠢᠨ﹈ ᠬᠤᠷᠢᠨᠭᠡᠷ ᠪᠣᠯ ᠲᠡᠥᠬᠡ ᠰᠣᠳᠣᠷ ᠢᠶᠠᠨ ᠳᠠᠭᠤᠷᠢᠰᠬᠠᠭᠰᠠᠨ᠂ ᠰᠣᠳᠣᠨ ᠬᠦᠮᠦᠰ ᠴᠣᠯᠭᠤᠷᠠᠨ ᠭᠠᠷᠣᠭᠰᠠᠨ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠨᠣᠲᠤᠭ ᠶᠤᠮ᠃ ᠲᠠ ᠤᠯᠠᠨ ᠲᠠᠢ ᠪᠠᠨ ᠬᠤᠷᠢᠨᠭᠡᠷ ᠲᠤ ᠤᠴᠠᠷᠠᠨ ᠵᠣᠯᠭᠠᠬᠤ ᠶᠢ ᠬᠦᠰᠡᠨ ᠪᠠᠷᠠᠯᠠᠵᠤ ᠪᠠᠶᠢᠨ᠎ᠠ᠂ ᠪᠠᠶᠠᠷᠯᠠᠯ᠎ᠠ︕      ﹇ᠬᠠᠮᠢᠶᠠᠷᠣᠭᠴᠢ﹈ ᠲᠤᠶᠠᠭ᠎ᠠ ᠳᠠᠷᠤᠭ᠎ᠠ ᠳᠤ ᠪᠠᠨ ᠪᠠᠶᠠᠷᠯᠠᠯ᠎ᠠ᠂ ᠮᠦᠨ ᠴᠦ ᠠᠩᠬᠠᠷᠣᠯ ᠲᠠᠯᠪᠢᠨ ᠣᠷᠣᠯᠴᠠᠭᠰᠠᠨ ᠰᠦᠯᠵᠢᠶᠡᠨ ᠠᠨᠳᠠ ᠨᠠᠷ ᠲᠤ ᠪᠠᠨ ᠪᠠᠶᠠᠷᠯᠠᠯ᠎ᠠ᠂ ᠡᠨᠡ ᠤᠳᠠᠭᠠᠨ ᠤ ᠰᠣᠷᠪᠣᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠲᠠᠨᠠᠷ ᠤᠨ ᠢᠶᠠᠨ ᠰᠠᠶᠢᠨ ᠰᠠᠶᠢᠬᠠᠨ ᠢ ᠬᠦᠰᠡᠶ᠎ᠡ︕
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号