ᠵᠣᠴᠢᠨ᠄ ᠬᠦᠬᠡᠬᠤᠲᠠ ᠶᠢᠨ ᠬᠤᠷᠢᠨᠭᠡᠷ ᠰᠢᠶᠠᠨ ᠤ ᠰᠢᠶᠠᠨ ᠤ ᠳᠡᠳ᠋ ᠳᠠᠷᠤᠭ᠎ᠠ ᠲᠣᠶᠠᠭ᠎ᠠ | | | | | | ﹇ᠬᠠᠮᠢᠶᠠᠷᠣᠭᠴᠢ﹈ ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠦᠬᠡᠬᠤᠲᠠ ᠶᠢᠨ ᠷᠠᠳᠢᠣ᠋ | ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠤ ᠠᠨᠳᠠ ᠨᠠᠷ | ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠨ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠤ ᠠᠨᠳᠠ ᠨᠠᠷ ᠤᠨ ᠢᠳᠡᠪᠬᠢᠲᠡᠶ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ﹇ᠬᠦᠲᠦᠯᠦᠭᠴᠢ﹈ ᠲᠤᠶᠠᠭ᠎ᠠ ᠳᠠᠷᠤᠭ᠎ᠠ ᠰᠠᠶᠢᠨ ᠪᠠᠶᠢᠨ᠎ᠠ ᠤᠤ᠂ ᠲᠠ ᠪᠢᠳᠡᠨ ᠤ ᠥᠨᠥᠳᠥᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ | ᠠᠪᠣᠭᠰᠠᠨ ᠳᠤ ᠮᠠᠰᠢ ᠪᠠᠶᠠᠷᠯᠠᠵᠤ ᠪᠠᠶᠢᠨ᠎ᠠ᠃ ᠥᠨᠥᠳᠥᠷ ᠪᠢᠳᠡ ᠣᠯᠠᠨ ᠳᠤ ᠪᠠᠨ ᠮᠠᠨ ᠤ ᠬᠤᠲᠠ ᠶᠢᠨ ᠬᠤᠷᠢᠨᠭᠡᠷ ᠰᠢᠶᠠᠨ ᠨᠢ ᠬᠡᠷᠬᠢᠨ ᠨᠠᠷᠠᠲᠤ ᠲᠡᠮᠳᠡᠭᠲᠦ ᠶᠢᠨ | ᠰᠣᠶᠣᠯ ᠵᠢᠭᠤᠯᠴᠢᠯᠠᠯ ᠪᠠᠶᠠᠷ ᠨᠠᠶᠢᠷ ᠤᠨ ᠠᠵᠢᠯᠯᠠᠭ᠎ᠠ ᠶᠢ ᠪᠣᠶᠢᠵᠢᠭᠤᠯᠣᠨ ᠬᠦᠭᠵᠢᠭᠦᠯᠬᠦ ᠪᠠᠷ ᠳᠠᠮᠵᠢᠭᠤᠯᠤᠨ᠂ ᠬᠤᠷᠢᠨᠭᠡᠷ ᠤᠨ ᠬᠠᠮ ᠵᠢᠭᠤᠯᠴᠢᠯᠠᠯ ᠤᠨ | ᠬᠥᠭᠵᠢᠯᠲᠡ ᠶᠢ ᠲᠦᠯᠬᠢᠨ ᠠᠬᠢᠭᠤᠯᠣᠭᠰᠠᠨ ᠲᠤᠬᠠᠢ ᠲᠠᠨᠢᠯᠴᠠᠭᠤᠯᠬᠤ ᠪᠣᠯᠣᠨ᠎ᠠ᠃ ᠶᠠᠭᠤᠨ ᠤ ᠡᠮᠦᠨ᠎ᠡ ᠬᠤᠷᠢᠨᠭᠡᠷ ᠰᠢᠶᠠᠨ ᠤ ᠦᠨᠳᠦᠰᠦᠨ ᠪᠠᠶᠢᠳᠠᠯ ᠢ | ᠲᠠᠨᠢᠯᠴᠠᠭᠤᠯᠤᠭᠠᠳ ᠥᠭᠭᠦᠨ᠎ᠡ ᠦᠦ︖ | ﹇ᠵᠣᠴᠢᠨ﹈ ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠳᠤᠮᠳᠠ ᠡᠮᠦᠨᠡᠲᠦ ᠬᠡᠰᠡᠭ ᠲᠤ ᠪᠠᠶᠢᠷᠢᠯᠠᠵᠤ᠂ ᠥᠨᠢ ᠤᠳᠠᠭᠠᠨ ᠲᠡᠦᠬᠡ ᠲᠠᠢ᠂ | ᠨᠣᠲᠤᠭ ᠤᠰᠣ ᠨᠢ ᠠᠷᠢᠭᠤᠨ ᠲᠠᠭᠱᠢᠨ᠂ ᠮᠠᠰᠢ ᠣᠯᠠᠨ ᠰᠢᠯᠢᠳᠡᠭ ᠬᠦᠮᠦᠰ ᠴᠣᠯᠭᠤᠷᠠᠨ ᠭᠠᠷᠣᠭᠰᠠᠨ ᠭᠠᠵᠠᠷ ᠶᠤᠮ᠃ ᠣᠶᠢᠷ᠎ᠠ ᠶᠢᠨ ᠵᠢᠯ ᠠᠴᠠ᠂ ᠬᠤᠷᠢᠨᠭᠡᠷ | ᠰᠢᠶᠠᠨ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢᠵᠢᠭᠦᠯᠦᠯᠲᠡ᠂ ᠬᠤᠳᠠ ᠪᠠᠯᠭᠠᠰᠤᠵᠢᠯᠳᠠ᠂ ᠮᠡᠳᠡᠭᠡ ᠵᠠᠩᠭᠢᠴᠢᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ | ᠣᠳᠣᠬᠢᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠬᠠᠮᠵᠢᠯᠴᠠᠭᠤᠯᠣᠨ ᠬᠦᠭᠵᠢᠭᠦᠯᠬᠦ ᠶᠢ ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠢᠳᠡᠭᠡᠨ᠂ ᠡᠭᠦᠯᠡᠨ | ᠪᠣᠳᠣᠯᠲᠠ ᠶᠢᠨ ᠲᠣᠮᠣ ᠳ᠋ᠠᠶᠢᠲ᠋ᠠ᠂ ᠴᠠᠬᠢᠯᠭᠠᠨ ᠬᠦᠴᠦ᠂ ᠠᠮᠢ ᠠᠬᠤᠢ᠂ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡ ᠵᠡᠷᠭᠡ ᠣᠨᠴᠠᠯᠢᠭᠲᠤ ᠠᠵᠤ ᠦᠢᠯᠡᠰ ᠢ | ᠪᠤᠶᠢᠵᠢᠭᠤᠯᠤᠨ ᠪᠦᠷᠢᠯᠳᠦᠭᠦᠯᠵᠦ᠂ ᠪᠦᠬᠦ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠢ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠳᠠᠭᠠᠭᠤᠯᠤᠭᠴᠢ ᠶᠢ ᠴᠣᠭᠴᠠᠯᠠᠨ ᠪᠠᠶᠢᠭᠤᠯᠬᠤ ᠳᠤ ᠯᠠᠪᠳᠠᠭᠤᠨ ᠪᠠᠲᠤᠲᠠᠢ ᠠᠯᠬᠤᠮ ᠢ ᠠᠯᠬᠤᠭᠰᠠᠨ ᠪᠠᠶᠢᠨ᠎ᠠ᠃ ᠠᠵᠤ ᠠᠬᠤᠢ ᠬᠦᠭᠵᠢᠵᠦ | ᠨᠡᠶᠢᠭᠡᠮ ᠪᠦᠬᠦ ᠲᠠᠯ᠎ᠠ ᠪᠠᠷ ᠳᠠᠪᠰᠢᠵᠣ ᠪᠠᠶᠢᠬᠤ ᠴᠠᠭ ᠦᠶ᠎ᠡ ᠳᠤ᠂ ᠮᠠᠨ ᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ︽ᠬᠠᠮ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠦ ᠵᠢᠭᠤᠯᠴᠢᠯᠠᠯ ᠤᠨ ᠦᠢᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠠᠵᠤ ᠦᠢᠯᠡᠰ | ᠪᠣᠯᠣᠨ ᠠᠷᠠᠳ ᠣᠯᠠᠨ ᠤ ᠨᠠᠩ ᠬᠠᠨᠤᠮᠵᠢᠲᠠᠢ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ︾ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ | ᠨᠡᠭᠡᠭᠡᠯᠲᠡᠲᠦ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠵᠢᠭᠤᠯᠴᠢᠯᠠᠯ ᠤᠨ ᠦᠢᠯᠡᠰ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠯ ᠤᠨ ᠰᠠᠭᠤᠷᠢ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠤ᠂ ᠵᠢᠭᠤᠯᠴᠢᠯᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠬᠥᠭᠵᠢᠯᠲᠡ ᠶᠢᠨ ᠵᠠᠭᠪᠣᠷ ᠤᠨ ᠰᠢᠨ᠎ᠡ ᠶᠢ ᠡᠭᠦᠳᠴᠦ᠂ ︽ᠲᠣᠭᠤᠷᠢᠨ ᠵᠣᠭᠠᠴᠠᠬᠤ | ᠦᠵᠡᠮᠵᠢᠲᠦ ᠣᠷᠣᠨ ᠴᠡᠴᠡᠭ ᠤᠨ ᠳᠠᠯᠠᠢ ᠬᠤᠷᠢᠨᠭᠡᠷ︾ ᠭᠡᠬᠦ ᠣᠶᠢᠯᠠᠭᠠᠯᠲᠠ ᠶᠣᠰᠣᠭᠠᠷ᠂ ︽ᠬᠠᠮ ᠵᠢᠭᠤᠯᠴᠢᠯᠠᠯ︾ ︽ᠵᠢᠭᠤᠯᠴᠢᠯᠠᠯ +︾ ᠪᠠᠶᠢᠯᠳᠤᠬᠤ | ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠤᠯᠠᠷᠢᠯ ᠬᠤᠪᠢᠶᠠᠨ ᠴᠡᠴᠡᠭ ᠬᠤᠸᠠᠷ ᠤᠨ ᠪᠠᠶᠠᠷ ᠨᠠᠶᠢᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠪᠥᠷ | ᠮᠣᠩᠭᠤᠯ ᠤᠨ ᠲᠥᠪ ᠬᠤᠲᠠ ᠬᠥᠬᠡᠬᠤᠲᠠ ᠶᠢᠨ ᠲᠡᠭᠦᠷᠭᠡ ᠶᠢᠨ ᠵᠢᠭᠤᠯᠴᠢᠯᠠᠯ ᠤᠨ ᠭᠠᠵᠠᠷ ᠪᠣᠯᠭᠠᠨ ᠢᠳᠡᠪᠬᠢᠲᠡᠶ ᠴᠣᠭᠴᠠᠯᠠᠨ ᠪᠠᠶᠢᠭᠤᠯᠵᠣ ᠪᠣᠢ᠃ 2018 | ᠣᠨ ᠳᠤ ᠪᠦᠬᠦ ᠰᠢᠶᠠᠨ ᠤ ᠵᠤᠭᠠᠴᠠᠭᠰᠠᠳ ᠢ 208 ᠲᠦᠮᠡᠨ ᠬᠥᠮᠥᠨ ᠤᠳᠠᠭ᠎ᠠ ᠬᠦᠯᠢᠶᠡᠨ ᠠᠪᠴᠠᠢ᠃ | ﹇ᠬᠦᠲᠦᠯᠦᠭᠴᠢ﹈ ᠬᠤᠷᠢᠨᠭᠡᠷ ᠤᠨ ᠠᠷᠪᠠᠳᠤᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠤᠳᠠᠯ ᠦᠭᠡᠢ ᠡᠷᠬᠢᠯᠡᠬᠦ | ᠭᠡᠵᠦ ᠪᠠᠶᠢᠨ᠎ᠠ᠂ ᠲᠠ ᠲᠤᠰ ᠬᠤᠭᠤᠴᠠᠭᠠᠨ ᠤ ᠠᠵᠢᠯᠯᠠᠭ᠎ᠠ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ﹇ᠵᠣᠴᠢᠨ﹈ ᠥᠪᠥᠷ ᠮᠣᠩᠭᠤᠯ ᠤᠨ ᠬᠤᠷᠢᠨᠭᠡᠷ ᠤᠨ ᠠᠷᠪᠠᠳᠤᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ 6 ᠳ᠋ᠤᠭᠠᠷ | ᠰᠠᠷ᠎ᠠ ᠶᠢᠨ 1 ᠤ ᠡᠳᠦᠷ ᠬᠤᠷᠢᠨᠭᠡᠷ ᠰᠢᠶᠠᠨ ᠤ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠬᠢᠯᠡᠬᠦ ᠪᠣᠯᠣᠨ᠎ᠠ᠃ ︽ᠵᠠᠰᠠᠭ ᠤᠨ ᠣᠷᠳᠣᠨ | ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠰᠢᠨ᠎ᠡ ᠶᠢ ᠡᠭᠦᠳᠦᠨ ᠳᠡᠭᠡᠭᠰᠢᠯᠡᠭᠦᠯᠬᠦ᠂ | ᠵᠣᠬᠢᠴᠠᠩᠭᠤᠶ ᠪᠠᠷ ᠬᠥᠭᠵᠢᠭᠦᠯᠬᠦ︾ ᠪᠠᠶᠠᠷ ᠨᠠᠶᠢᠷ ᠡᠷᠬᠢᠯᠡᠨ ᠶᠠᠪᠣᠭᠳᠠᠭᠤᠯᠬᠤ ᠰᠡᠳᠬᠢᠴᠡ ᠶᠣᠰᠣᠭᠠᠷ᠂ ᠲᠤᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ | ᠵᠢᠭᠤᠯᠴᠢᠯᠠᠯ ᠤᠨ ᠨᠠᠶᠢᠷ ᠨᠢ ︽ᠲᠣᠭᠤᠷᠢᠨ ᠵᠣᠭᠠᠴᠠᠬᠤ ᠦᠵᠡᠮᠵᠢᠲᠦ ᠣᠷᠣᠨ ᠴᠡᠴᠡᠭ ᠤᠨ ᠳᠠᠯᠠᠢ ᠬᠤᠷᠢᠨᠭᠡᠷ︾ ᠪᠠᠷ ᠭᠤᠤᠯ ᠰᠡᠳᠦᠪ ᠪᠣᠯᠭᠠᠵᠤ᠂ | ᠠᠵᠢᠯᠯᠠᠭ᠎ᠠ ᠶᠢᠨ ᠲᠥᠰᠥᠪᠯᠡᠯ ᠤᠨ ᠲᠠᠯ᠎ᠠ ᠪᠠᠷ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠦᠨᠳᠦᠰᠦ ᠪᠣᠯᠭᠠᠵᠤ᠂ ᠴᠡᠴᠡᠭ ᠰᠣᠨᠢᠷᠬᠠᠬᠤ ᠠᠵᠢᠯᠯᠠᠭ᠎ᠠ ᠪᠠᠷ | ᠭᠤᠤᠯ ᠰᠢᠵᠢᠮ ᠪᠣᠯᠭᠠᠨ᠂ ᠠᠵᠢᠯᠯᠠᠭ᠎ᠠ ᠶᠢᠨ ᠠᠭᠤᠯᠭ᠎ᠠ ᠳᠤ ᠰᠣᠶᠣᠯ ᠤᠨ ᠰᠣᠯᠢᠯᠴᠠᠭ᠎ᠠ᠂ ᠴᠡᠴᠡᠭ ᠰᠣᠨᠢᠷᠬᠠᠨ ᠵᠣᠭᠠᠴᠠᠬᠤ᠂ ᠰᠡᠯᠡᠭᠦᠴᠡᠯ ᠵᠢᠭᠤᠯᠴᠢᠯᠠᠯ ᠵᠡᠷᠭᠡ | ᠣᠯᠠᠨ ᠬᠦᠷᠢᠶ᠎ᠡ ᠶᠢ ᠬᠠᠮᠤᠷᠴᠠᠶ᠃ ᠲᠤᠰ ᠬᠤᠭᠤᠴᠠᠭᠠᠨ ᠤ ᠴᠠᠨ᠎ᠠ ᠴᠡᠴᠡᠭ ᠤᠨ ᠨᠠᠶᠢᠷ ᠨᠢ ︽ᠲᠣᠭᠤᠷᠢᠨ ᠵᠣᠭᠠᠴᠠᠬᠤ ᠦᠵᠡᠮᠵᠢᠲᠦ ᠣᠷᠣᠨ ᠴᠡᠴᠡᠭ ᠤᠨ | ᠳᠠᠯᠠᠢ ᠬᠤᠷᠢᠨᠭᠡᠷ︾ ᠪᠠᠷ ᠭᠤᠤᠯ ᠰᠡᠳᠦᠪ ᠪᠣᠯᠭᠠᠵᠤ᠂ ᠡᠬᠢ ᠪᠠᠶᠠᠯᠢᠭ ᠢ ᠪᠥᠬᠦ ᠬᠦᠴᠦᠨ ᠢᠶᠠᠷ ᠨᠢᠭᠡᠳᠬᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠪᠦᠲᠦᠭᠡᠯᠴᠢ | ᠤᠷᠠᠯᠢᠭ ᠢᠶᠠᠨ ᠳᠣᠪᠤᠶᠢᠯᠭᠠᠵᠤ᠂ 13 ᠵᠦᠢᠯ ᠤᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠲᠦᠯᠦᠪᠯᠡᠵᠦ᠂ ᠥᠪᠡᠷᠮᠢᠴᠡ ᠣᠨᠴᠠᠯᠢᠭ ᠪᠦᠬᠦᠢ | ᠴᠡᠴᠡᠭ ᠤᠨ ᠳᠠᠯᠠᠢ ᠶᠢᠨ ᠦᠩᠭᠡ ᠦᠵᠡᠮᠵᠢ ᠬᠢᠭᠡᠳ ᠰᠢᠨ᠎ᠡ ᠱᠧᠩ ᠯᠧ ᠶᠢᠨ ᠴᠠᠭ ᠦᠶ᠎ᠡ ᠶᠢᠨ ᠰᠣᠶᠣᠯ ᠤᠨ ᠠᠭᠤᠯᠭ᠎ᠠ ᠲᠠᠢ ᠤᠶᠠᠯᠳᠤᠭᠤᠯᠵᠤ᠂ | ᠵᠤᠭᠠᠴᠠᠭᠰᠠᠳ ᠲᠤ ᠨᠢᠭᠡᠨ ᠥᠪᠡᠷᠮᠢᠴᠡ ᠣᠨᠴᠠᠯᠢᠭ ᠪᠦᠬᠦᠢ ᠮᠡᠳᠡᠷᠡᠬᠦᠢ ᠶᠢᠨ ᠦᠪᠡᠳᠡᠭᠰᠢ ᠶᠡᠭᠡ ᠳᠠᠶᠢᠯᠠᠯᠭ᠎ᠠ ᠶᠢ ᠳᠡᠯᠭᠡᠨ ᠦᠵᠡᠭᠦᠯᠬᠦ ᠪᠣᠯᠣᠨ᠎ᠠ᠃ | ﹇ᠬᠦᠲᠦᠯᠦᠭᠴᠢ﹈ ᠡᠨᠡ ᠵᠢᠯ ᠤᠨ ᠬᠤᠷᠢᠨᠭᠡᠷ ᠤᠨ ᠴᠠᠨ᠎ᠠ ᠴᠡᠴᠡᠭ ᠤᠨ ᠨᠠᠶᠢᠷ ᠨᠢ ᠥᠩᠭᠡᠷᠡᠭᠰᠡᠨ ᠬᠤᠭᠤᠴᠠᠭᠠᠨ ᠤ ᠬᠢ ᠠᠴᠠ ᠶᠠᠮᠠᠷ ᠰᠢᠨ᠎ᠡ | ᠣᠨᠴᠠᠯᠢᠭ ᠲᠠᠢ ᠪᠤᠢ︖ | ﹇ᠵᠣᠴᠢᠨ﹈ ᠡᠨᠡ ᠵᠢᠯ ᠪᠣᠯ ᠬᠤᠷᠢᠨᠭᠡᠷ ᠤᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠡᠬᠢᠯᠡᠵᠦ ᠡᠷᠬᠢᠯᠡᠭᠰᠡᠨ ᠠᠷᠪᠠᠳᠤᠭᠠᠷ ᠵᠢᠯ ᠪᠣᠯᠤᠨ᠎ᠠ | ᠂ ᠵᠣᠬᠢᠶᠠᠨ ᠪᠠᠶᠢᠭᠤᠯᠬᠤ ᠵᠥᠪᠯᠡᠯ ᠤᠯᠠᠨ ᠵᠦᠢᠯ ᠤᠨ ᠦᠨᠳᠦᠰᠦᠨ ᠱᠠᠲᠤᠨ ᠳᠤ ᠣᠶᠢᠷᠠᠲᠣᠭᠰᠠᠨ᠂ ᠠᠭᠤᠯᠭ᠎ᠠ ᠨᠢ ᠨᠠᠷᠢᠯᠢᠭ᠂ ᠬᠢᠷᠢ ᠲᠦᠪᠰᠢᠨ ᠥᠨᠳᠥᠷ | ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠡᠬᠢᠯᠡᠯᠲᠡ ᠶᠢᠨ ᠶᠣᠰᠣᠯᠠᠯ ᠤᠨ ︽ᠵᠧᠩ ᠳ᠋ᠠ ᠰᠡᠳᠬᠢᠯᠭᠡ︾ ᠲᠣᠭᠯᠠᠯᠲᠠ᠂ ᠪᠦᠬᠦ ᠤᠯᠤᠰ ᠤᠨ ᠶᠢᠨ | ᠣᠯᠣᠰ ᠤᠨ ᠵᠦᠴᠦᠭᠡ ᠶᠢᠨ ᠨᠠᠷᠠᠲᠤ ᠬᠦᠮᠦᠰ ᠤᠨ ᠲᠣᠭᠯᠠᠯᠲᠠ᠂ ᠵᠧᠩ ᠳ᠋ᠠ ᠤᠯᠠᠨ ᠤᠯᠤᠰ ᠤᠨ ᠠᠮᠲᠠᠲᠤ ᠢᠳᠡᠭᠡᠨ ᠤ ᠦᠵᠡᠰᠬᠦᠯᠡᠩ᠂ ︽ᠲᠡᠭᠷᠢᠯᠢᠭ | ᠬᠥᠪᠡᠭᠦᠨ︾ ᠮᠣᠷᠢᠨ ᠮᠡᠷᠭᠡᠵᠢᠯ ᠤᠨ ᠲᠣᠭᠯᠠᠯᠲᠠ ᠵᠡᠷᠭᠡ ᠠᠵᠢᠯᠯᠠᠭ᠎ᠠ ᠶᠠᠪᠣᠭᠳᠠᠬᠤ ᠪᠣᠯᠣᠨ᠎ᠠ᠃ ᠠᠷᠪᠠᠳᠤᠭᠠᠷ ᠬᠤᠭᠤᠴᠠᠭᠠᠨ ᠤ ᠬᠤᠷᠢᠨᠭᠡᠷ ᠤᠨ ᠴᠠᠨ᠎ᠠ ᠴᠡᠴᠡᠭ | ᠤᠨ ᠰᠣᠶᠣᠯ ᠵᠢᠭᠤᠯᠴᠢᠯᠠᠯ ᠤᠨ ᠨᠠᠶᠢᠷ ᠢ ᠬᠦᠮᠦᠰ ᠤᠨ ᠪᠠᠭ᠋ᠠᠷᠬᠠᠯ ᠢ ᠣᠯᠣᠭᠰᠠᠨ᠂ ᠬᠤᠷᠢᠨᠭᠡᠷ ᠢ ᠤᠬᠠᠭᠤᠯᠤᠭᠰᠠᠨ᠂ ᠦᠵᠡᠮᠵᠢ ᠶᠢᠨ ᠣᠷᠣᠨ ᠤ ᠬᠥᠭᠵᠢᠯᠲᠡ ᠶᠢ | ᠲᠦᠯᠬᠢᠨ ᠠᠬᠢᠭᠤᠯᠣᠭᠰᠠᠨ᠂ ᠤᠯᠠᠨ ᠲᠦᠮᠡᠨ ᠤ ᠰᠡᠳᠬᠢᠯ ᠳᠤ ᠬᠠᠨᠤᠮᠵᠢᠲᠠᠢ ᠨᠡᠷᠡᠲᠦ ᠲᠡᠮᠳᠡᠭᠲᠦ ᠶᠢᠨ ᠠᠵᠢᠯᠯᠠᠭ᠎ᠠ ᠪᠣᠯᠭᠠᠬᠤ ᠪᠠᠷ ᠴᠢᠷᠮᠠᠶᠢᠨ᠎ᠠ᠃ | ﹇ᠬᠦᠲᠦᠯᠦᠭᠴᠢ﹈ ᠬᠤᠷᠢᠨᠭᠡᠷ ᠰᠢᠶᠠᠨ ᠴᠠᠨ᠎ᠠ ᠴᠡᠴᠡᠭ ᠤᠨ ᠨᠠᠶᠢᠷ ᠢ ᠡᠷᠬᠢᠯᠡᠨ ᠶᠠᠪᠣᠭᠳᠠᠭᠤᠯᠣᠭᠠᠳ ᠨᠢᠭᠡᠨᠲᠡ ᠠᠷᠪᠠᠨ ᠬᠤᠭᠤᠴᠠᠭ᠎ᠠ ᠪᠣᠯᠣᠯ᠎ᠠ᠂ ᠴᠠᠨ᠎ᠠ | ᠴᠡᠴᠡᠭ ᠤᠨ ᠨᠠᠶᠢᠷ ᠢ ᠡᠷᠬᠢᠯᠡᠨ ᠶᠠᠪᠣᠭᠳᠠᠭᠤᠯᠣᠭᠰᠠᠨ ᠨᠢ ᠮᠠᠨ ᠤ ᠲᠣᠬᠠᠢ ᠶᠢᠨ ᠣᠷᠣᠨ ᠤ ᠬᠠᠮ ᠵᠢᠭᠤᠯᠴᠢᠯᠠᠯ ᠢ ᠲᠦᠯᠬᠢᠨ ᠠᠬᠢᠭᠤᠯᠬᠤ᠂ ᠣᠷᠣᠨ ᠨᠣᠲᠤᠭ ᠤᠨ | ᠠᠵᠣ ᠠᠬᠤᠢ᠂ ᠰᠣᠶᠣᠯ ᠤᠨ ᠬᠦᠭᠵᠢᠯᠲᠡ ᠵᠡᠷᠭᠡ ᠶᠢ ᠠᠬᠢᠭᠤᠯᠬᠤ ᠳᠤ ᠶᠠᠮᠠᠷᠪᠠ ᠦᠢᠯᠡᠳᠦᠯ ᠢᠶᠠᠨ ᠪᠠᠳᠠᠷᠠᠭᠤᠯᠣᠭᠰᠠᠨ ᠪᠣᠢ︖ | ﹇ᠵᠣᠴᠢᠨ﹈ ᠪᠠᠶᠠᠷ ᠨᠠᠶᠢᠷ ᠤᠨ ᠠᠵᠢᠯᠯᠠᠭ᠎ᠠ ᠪᠣᠯ ᠡᠬᠢ ᠪᠠᠶᠠᠯᠢᠭ ᠢ ᠭᠦᠨᠵᠡᠭᠡᠢ ᠠᠭᠤᠳᠠᠯᠠᠬᠤ ᠲᠦᠯᠬᠢᠭᠴᠢ ᠬᠦᠴᠦᠨ ᠮᠦᠨ᠂ ᠠᠵᠣ ᠠᠬᠤᠢ ᠶᠢᠨ | ᠬᠦᠭᠵᠢᠯᠲᠡ ᠶᠢ ᠳᠠᠶᠢᠴᠢᠯᠠᠬᠤ ᠴᠢᠬᠤᠯᠠ ᠬᠦᠳᠡᠯᠭᠡᠭᠴᠢ ᠬᠦᠴᠦᠨ᠂ ᠮᠦᠨ ᠴᠦ ᠣᠷᠣᠨ ᠪᠦᠰᠡ ᠶᠢᠨ ᠵᠢᠭᠤᠯᠴᠢᠯᠠᠯ ᠤᠨ ᠵᠣᠭᠠᠴᠠᠭᠰᠠᠳ ᠢ ᠲᠠᠲᠠᠬᠤ ᠷᠢᠳᠢ | ᠰᠢᠳᠢ ᠪᠣᠯᠬᠤ ᠶᠤᠮ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠰᠢᠶᠠᠨ ᠬᠠᠮ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠤᠨ ᠬᠦᠭᠵᠢᠯᠲᠡ ᠶᠢᠨ | ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ ᠵᠢᠭᠤᠯᠴᠢᠯᠠᠯ ᠪᠠᠶᠠᠷ ᠨᠠᠶᠢᠷ ᠢᠶᠠᠷ ᠳᠠᠮᠵᠢᠭᠤᠯᠣᠨ ᠵᠢᠭᠤᠯᠴᠢᠯᠠᠯ ᠤᠨ ᠪᠦᠲᠦᠭᠡᠭᠳᠡᠭᠦᠨ ᠪᠣᠯᠣᠨ ᠵᠠᠮ ᠱᠤᠭᠤᠮ ᠤᠨ | ᠪᠦᠬᠦ ᠲᠠᠯ᠎ᠠ ᠪᠠᠷ ᠰᠢᠯᠢᠳᠡᠭᠵᠢᠬᠦ ᠶᠢ ᠲᠠᠰᠣᠷᠠᠯᠲᠠ ᠦᠭᠡᠢ ᠠᠬᠢᠭᠤᠯᠣᠭᠰᠠᠨ ᠪᠠᠶᠢᠨ᠎ᠠ᠃ ᠮᠠᠨ ᠤ ᠰᠢᠶᠠᠨ ᠨᠢ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ | ᠨᠠᠶᠢᠷ ᠵᠡᠷᠭᠡ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠬᠤ ᠪᠠᠷ ᠳᠠᠮᠵᠢᠵᠣ᠂ ᠪᠠᠶᠠᠷ ᠨᠠᠶᠢᠷ ᠤᠨ ᠠᠵᠢᠯᠯᠠᠭ᠎ᠠ ᠶᠢᠨ ᠲᠣᠲᠣᠭᠠᠳᠣ ᠠᠭᠤᠯᠣᠭᠳᠠᠬᠤᠨ ᠢ ᠲᠠᠰᠣᠷᠠᠯᠲᠠ | ᠦᠭᠡᠢ ᠪᠠᠶᠠᠯᠢᠭᠵᠢᠭᠤᠯᠵᠣ᠂ ᠭᠠᠵᠠᠷ ᠣᠷᠣᠨ ᠤ ᠬᠦᠮᠦᠰ ᠲᠤ ᠮᠡᠳᠡᠷᠡᠭᠳᠡᠵᠦ ᠪᠠᠶᠢᠭ᠎ᠠ ᠬᠡᠮᠵᠢᠶ᠎ᠡ ᠶᠡᠬᠡᠪᠡᠷ ᠳᠡᠭᠡᠭᠰᠢᠯᠡᠭᠰᠡᠨ ᠪᠠᠶᠢᠨ᠎ᠠ᠃ | ᠨᠢᠭᠡ ᠳᠤ᠂ ᠬᠤᠲᠠ ᠪᠠᠯᠭᠠᠰᠣ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠴᠠᠨ᠎ᠠ ᠴᠡᠴᠡᠭ ᠤᠨ ᠠᠵᠣ ᠦᠢᠯᠡᠰ ᠤᠨ ᠬᠦᠭᠵᠢᠯᠲᠡ ᠪᠠᠷ | ᠠᠵᠠ ᠲᠣᠬᠢᠶᠠᠯ ᠪᠣᠯᠭᠠᠵᠣ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠲᠠᠰᠣᠷᠠᠯᠲᠠ ᠦᠭᠡᠢ ᠪᠦᠷᠢᠨᠰᠢᠵᠦ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠤᠯᠠᠮ | ᠨᠢᠭᠡ ᠠᠯᠬᠤᠮ ᠨᠡᠮᠡᠭᠳᠡᠨ᠂ ᠬᠤᠲᠠ ᠶᠢᠨ ᠪᠦᠬᠦᠯᠢ ᠴᠣᠭᠴᠠᠲᠣ ᠪᠦᠲᠦᠭᠡᠨ ᠪᠠᠶᠢᠭᠤᠯᠣᠯᠲᠠ ᠶᠢᠨ ᠬᠢᠷᠢ ᠲᠥᠪᠰᠢᠨ ᠶᠡᠬᠡᠪᠡᠷ ᠳᠡᠭᠡᠭᠰᠢᠯᠡᠭᠰᠡᠨ ᠪᠠᠶᠢᠨ᠎ᠠ᠃ | ᠬᠤᠶᠠᠷ ᠲᠤ᠂ ᠬᠤᠷᠢᠨᠭᠡᠷ ᠤᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠰᠠᠶᠢᠲᠣᠷ ᠶᠠᠪᠣᠭᠳᠠᠭᠤᠯᠬᠤ ᠪᠠᠷ ᠬᠦᠴᠦᠯᠡᠴᠡ ᠶᠢᠨ ᠴᠡᠭ | ᠪᠣᠯᠭᠠᠵᠣ᠂ ᠵᠢᠭᠤᠯᠴᠢᠯᠠᠯ ᠤᠨ ᠠᠵᠣ ᠦᠢᠯᠡᠰ ᠤᠨ ᠬᠦᠭᠵᠢᠯᠲᠡ ᠶᠢ ᠭᠦᠨᠵᠡᠭᠡᠶᠢᠷᠡᠭᠦᠯᠵᠦ᠂ ᠠᠵᠣ ᠦᠢᠯᠡᠰ ᠤᠨ ᠬᠡᠯᠬᠢᠶᠡᠵᠢᠯ ᠢ ᠣᠷᠲᠣᠳᠬᠠᠵᠣ᠂ ᠵᠢᠭᠤᠯᠴᠢᠯᠠᠯ | ᠰᠣᠶᠣᠯ ᠤᠨ ᠡᠬᠢ ᠪᠠᠶᠠᠯᠢᠭ ᠢ ᠪᠠᠶᠠᠯᠢᠭᠵᠢᠭᠤᠯᠵᠣ᠂ ᠭᠤᠷᠪᠠᠳᠣᠭᠠᠷ ᠠᠵᠣ ᠦᠢᠯᠡᠰ ᠤᠨ ᠬᠦᠭᠵᠢᠯᠲᠡ ᠶᠢ ᠨᠡᠩ ᠰᠠᠶᠢᠨ ᠳᠠᠶᠢᠴᠢᠯᠠᠵᠣ᠂ ᠨᠡᠶᠢᠭᠡᠮ ᠤᠨ ᠦᠷ᠎ᠡ | ᠪᠦᠲᠦᠮᠵᠢ ᠪᠣᠯᠣᠨ ᠠᠵᠣ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠦᠭᠰᠡᠨ ᠪᠠᠶᠢᠨ᠎ᠠ᠃ | ᠭᠤᠷᠪᠠ ᠳᠤ᠂ ᠴᠠᠨ᠎ᠠ ᠴᠡᠴᠡᠭ ᠤᠨ ᠵᠢᠭᠤᠯᠴᠢᠯᠠᠯ ᠤᠨ ᠨᠠᠶᠢᠷ ᠢ ᠡᠷᠬᠢᠯᠡᠨ ᠶᠠᠪᠣᠭᠳᠠᠭᠤᠯᠣᠭᠰᠠᠨ ᠨᠢ ᠬᠤᠲᠠ ᠶᠢᠨ ᠪᠣᠯᠪᠠᠰᠣᠨ ᠤ ᠳᠡᠭᠡᠭᠰᠢᠯᠡᠯᠲᠡ ᠶᠢ | ᠬᠦᠴᠦᠲᠡᠢ ᠠᠬᠢᠭᠤᠯᠵᠣ᠂ ᠠᠷᠠᠳ ᠤᠯᠠᠨ ᠤ ᠪᠣᠯᠪᠠᠰᠣᠨ ᠤ ᠤᠬᠠᠮᠰᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃ | ᠬᠠᠮ ᠵᠢᠭᠤᠯᠴᠢᠯᠠᠯ ᠤᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ ᠬᠤᠷᠢᠨᠭᠡᠷ ᠰᠢᠶᠠᠨ ᠥᠪᠡᠷᠮᠢᠴᠡ ᠣᠨᠴᠠᠯᠢᠭ ᠪᠦᠬᠦᠢ ᠡᠬᠢ ᠪᠠᠶᠠᠯᠢᠭ ᠤᠨ | ᠳᠠᠪᠠᠭᠤᠯᠢᠭ ᠪᠠᠶᠢᠬᠤ ᠮᠦᠷᠲᠡᠭᠡᠨ ᠪᠠᠶᠢᠯᠳᠣᠬᠤ ᠪᠣᠳᠣᠯᠭ᠎ᠠ ᠶᠢᠨ ᠠᠵᠠ ᠲᠣᠬᠢᠶᠠᠯ ᠪᠠᠶᠢᠭ᠎ᠠ ᠶᠢᠨ ᠬᠠᠮᠲᠣ ᠵᠠᠬ᠎ᠠ ᠳᠡᠯᠭᠡᠭᠦᠷ ᠤᠨ ᠰᠢᠯᠭᠠᠯᠲᠠ ᠶᠢ ᠬᠦᠯᠢᠶᠡᠵᠦ | ᠪᠠᠶᠢᠭ᠎ᠠ ᠶᠤᠮ᠃ ᠮᠠᠨ ᠤ ᠰᠢᠶᠠᠨ ᠨᠢ ᠣᠳᠣᠬᠠᠨ ᠳᠤ ᠬᠠᠮ ᠵᠢᠭᠤᠯᠴᠢᠯᠠᠯ ᠤᠨ ᠬᠦᠭᠵᠢᠯᠲᠡ ᠶᠢᠨ ᠠᠩᠬᠠᠨ ᠤ ᠱᠠᠲᠣᠨ ᠳᠤ ᠪᠠᠶᠢᠭᠰᠠᠭᠠᠷ᠂ ᠳᠠᠷᠠᠭᠠᠴᠢ ᠶᠢᠨ | ᠠᠯᠬᠤᠮ ᠳᠤ ᠪᠢᠳᠡ ᠬᠤᠸᠠᠷ ᠴᠡᠴᠡᠭ ᠤᠨ ᠲᠦᠷᠥᠯ ᠤᠨ ᠪᠠᠶᠠᠷ ᠨᠠᠶᠢᠷ ᠤᠨ ᠠᠵᠢᠯᠯᠠᠭ᠎ᠠ ᠶᠢᠨ ᠳᠠᠭᠠᠯᠲᠠ ᠪᠦᠲᠦᠭᠡᠭᠳᠡᠭᠦᠨ ᠤ ᠬᠡᠯᠬᠢᠶᠡᠵᠢᠯ ᠵᠢᠴᠢ ᠰᠣᠶᠣᠯ ᠤᠨ | ᠨᠡᠷᠡᠲᠦ ᠲᠡᠮᠳᠡᠭᠲᠦ ᠶᠢ ᠨᠡᠩ ᠨᠠᠷᠢᠯᠢᠭᠵᠢᠭᠤᠯᠣᠨ᠂ ᠨᠡᠩ ᠶᠡᠭᠡ ᠠᠵᠣ ᠦᠢᠯᠡᠰ ᠤᠨ ᠠᠵᠣ ᠠᠬᠤᠢ ᠶᠢᠨ ᠬᠦᠭᠵᠢᠯᠲᠡ ᠶᠢᠨ ᠳᠠᠯᠳᠠ ᠬᠦᠴᠦᠨ ᠲᠠᠢ ᠪᠦᠷᠢᠨ | ᠲᠡᠭᠦᠯᠳᠡᠷ ᠬᠡᠯᠬᠢᠶᠡᠵᠢᠯ ᠪᠣᠯᠭᠠᠨ ᠴᠣᠭᠴᠠᠯᠠᠵᠣ᠂ ︽ᠬᠤᠸᠠᠷ ᠴᠡᠴᠡᠭ ᠰᠣᠨᠢᠷᠬᠠᠬᠤ︾ ᠡᠶᠢᠮᠦᠷᠬᠦ ᠢᠳᠡᠪᠬᠢᠲᠡᠢ ᠮᠦᠷᠲᠡᠭᠡᠨ ᠪᠦᠲᠦᠮᠵᠢᠲᠡᠢ ᠵᠠᠭᠤᠴᠢ | ᠬᠤᠯᠪᠣᠭᠠᠰᠣ ᠪᠠᠷ ᠳᠠᠮᠵᠢᠵᠣ᠂ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠬᠦᠭᠵᠢᠯᠲᠡ ᠶᠢᠨ ᠯᠣᠲᠣ ᠶᠡᠭᠡ ᠳᠠᠯᠳᠠ ᠬᠦᠴᠦᠨ ᠢ | ᠳᠠᠶᠢᠴᠢᠯᠠᠬᠤ ᠪᠣᠯᠣᠨ᠎ᠠ᠃ ᠰᠣᠶᠣᠯ ᠵᠢᠭᠤᠯᠴᠢᠯᠠᠯ ᠤᠨ ᠦᠢᠯᠡᠰ ᠢ ᠨᠢᠭᠡᠨ ᠰᠢᠨ᠎ᠡ ᠬᠡᠪ ᠪᠠᠶᠢᠳᠠᠯ ᠳᠤ ᠵᠣᠬᠢᠴᠠᠭᠰᠠᠨ᠂ ᠰᠢᠨ᠎ᠡ ᠬᠦᠳᠡᠯᠭᠡᠬᠦ ᠬᠦᠴᠦᠨ ᠢ | ᠪᠣᠶᠢᠵᠢᠭᠤᠯᠣᠨ ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢᠨ ᠠᠷᠭ᠎ᠠ ᠠᠪᠴᠠᠯ ᠪᠣᠯᠭᠠᠨ ᠠᠳᠬᠤᠵᠣ᠂ ᠥᠷᠨᠢᠭᠦᠨ ᠪᠠᠳᠠᠷᠠᠩᠭᠤᠢ ᠪᠠᠶᠠᠷ ᠨᠠᠶᠢᠷ ᠤᠨ ᠠᠵᠢᠯᠯᠠᠭ᠎ᠠ ᠶᠢ | ᠵᠠᠬ᠎ᠠ ᠳᠡᠯᠭᠡᠭᠦᠷ ᠲᠡᠰᠢ ᠬᠠᠨᠳᠣᠭᠤᠯᠵᠣ᠂ ᠵᠢᠭᠤᠯᠴᠢᠯᠠᠯ ᠤᠨ ᠢᠵᠢ ᠪᠦᠷᠢᠳᠦᠭᠦᠯᠦᠭᠰᠡᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢᠨ ᠠᠵᠢᠯ ᠂ | ᠤᠬᠠᠭᠤᠯᠭ᠎ᠠ ᠪᠣᠯᠣᠨ ᠲᠦᠰᠥᠪᠯᠡᠨ ᠲᠦᠯᠥᠪᠯᠡᠬᠦ ᠠᠵᠢᠯ ᠢ ᠰᠠᠶᠢᠲᠣᠷ ᠬᠢᠵᠦ᠂ ᠲᠡᠭᠦᠨ ᠢ ᠪᠡᠯᠡ ᠣᠷᠣᠭᠤᠯᠣᠯᠲᠠ ᠶᠢᠨ ᠭᠤᠣᠯᠳᠠᠯᠭ᠎ᠠ᠂ ᠬᠡᠷᠡᠭᠯᠡᠭᠡᠨ ᠤ ᠬᠠᠯᠠᠮᠰᠢᠯ᠂ | ᠴᠢᠯᠦᠭᠡᠲᠡᠢ ᠨᠡᠭᠡᠭᠡᠯᠲᠡ ᠶᠢᠨ ᠭᠢᠯᠠᠰ ᠴᠡᠭ ᠪᠣᠯᠭᠠᠨ ᠪᠠᠶᠢᠭᠤᠯᠣᠨ ᠴᠣᠭᠴᠠᠯᠠᠵᠣ᠂ ᠠᠵᠣ ᠠᠬᠤᠢ ᠶᠢᠨ ᠯᠠᠪᠳᠠᠭᠤᠨ ᠲᠣᠭᠲᠠᠭᠤᠨ ᠢᠶᠠᠷ ᠣᠷᠣᠭᠰᠢᠯᠠᠬᠤ ᠳᠤ | ᠬᠦᠴᠦᠨ ᠨᠡᠮᠡᠷᠢᠯᠡᠨ᠎ᠡ᠃ | ﹇ᠬᠦᠲᠦᠯᠦᠭᠴᠢ﹈ ᠠᠷᠪᠠᠳᠣᠭᠠᠷ ᠬᠤᠭᠤᠴᠠᠭᠠᠨ ᠤ ᠴᠠᠨ᠎ᠠ ᠴᠡᠴᠡᠭ ᠤᠨ ᠨᠠᠶᠢᠷ ᠬᠡᠳᠦᠨ ᠡᠳᠦᠷ ᠠᠴᠠ ᠡᠬᠢᠯᠡᠬᠦ ᠪᠣᠯᠣᠯ᠎ᠠ᠂ ᠮᠠᠰᠢ ᠤᠯᠠᠨ ᠵᠣᠭᠠᠴᠠᠭᠰᠠᠳ | ᠬᠤᠷᠢᠨᠭᠡᠷ ᠲᠤ ᠬᠦᠷᠴᠦ ᠬᠤᠸᠠᠷ ᠴᠡᠴᠡᠭ ᠰᠣᠨᠢᠷᠬᠠᠬᠤ ᠪᠠᠶᠢᠬ᠎ᠠ᠂ ᠲᠠ ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠤᠨ ᠦᠵᠡᠮᠵᠢᠲᠦ ᠭᠠᠵᠠᠷ ᠪᠠᠰᠠ ᠶᠠᠮᠠᠷ | ᠶᠠᠮᠠᠷ ᠪᠠᠶᠢᠬᠤ᠂ ᠶᠠᠮᠠᠷ ᠶᠠᠮᠠᠷ ᠣᠨᠴᠠᠯᠢᠭᠲᠣ ᠢᠳᠡᠭᠡᠨ ᠪᠠᠶᠢᠬᠤ ᠶᠢ ᠲᠠᠨᠢᠯᠴᠠᠭᠤᠯᠣᠭᠠᠳ ᠥᠭᠭᠦᠨ᠎ᠡ ᠦᠦ︖ | ﹇ᠵᠣᠴᠢᠨ﹈ ᠲᠣᠰ ᠬᠤᠭᠤᠴᠠᠭ᠎ᠠ ᠶᠢᠨ ᠴᠠᠨ᠎ᠠ ᠴᠡᠴᠡᠭ ᠤᠨ ᠨᠠᠶᠢᠷ ᠤᠨ ᠬᠤᠭᠤᠴᠠᠭᠠᠨ ᠳᠤ᠂ ᠮᠠᠨ ᠤ ᠰᠢᠶᠠᠨ ᠤ ᠵᠢᠭᠤᠯᠴᠢᠯᠠᠯ ᠤᠨ ᠵᠠᠮ ᠱᠣᠭᠤᠮ ᠴᠦ | ᠤᠯᠠᠨ ᠶᠠᠩᠵᠤ ᠶᠢᠨ ᠪᠣᠯᠣᠭᠰᠠᠨ ᠪᠠᠶᠢᠨ᠎ᠠ᠂ ᠲᠡᠥᠬᠡ ᠰᠣᠶᠣᠯ ᠤᠨ ᠵᠢᠭᠤᠯᠴᠢᠯᠠᠯ᠂ ᠠᠭᠤᠯᠠ ᠣᠰᠣᠨ ᠤ ᠠᠮᠢ ᠠᠬᠤᠢ ᠶᠢᠨ ᠵᠢᠭᠤᠯᠴᠢᠯᠠᠯ᠂ ᠬᠦᠳᠡᠭᠡ ᠠᠵᠣ | ᠠᠬᠤᠢ ᠶᠢᠨ ᠰᠡᠯᠡᠭᠦᠴᠡᠯ ᠵᠢᠭᠤᠯᠴᠢᠯᠠᠯ᠂ ᠪᠡᠶ᠎ᠡ ᠶᠢᠨ ᠲᠠᠮᠢᠷ ᠪᠡᠶ᠎ᠡ ᠪᠣᠯᠪᠠᠰᠣᠷᠠᠭᠤᠯᠬᠤ ᠵᠢᠭᠤᠯᠴᠢᠯᠠᠯ᠂ ᠠᠵᠣ ᠦᠢᠯᠡᠳᠪᠦᠷᠢ ᠶᠢᠨ ᠰᠠᠭᠤᠷᠢᠨ ᠭᠠᠵᠠᠷ ᠤᠨ | ᠵᠢᠭᠤᠯᠴᠢᠯᠠᠯ ᠵᠡᠷᠭᠡ ᠵᠠᠮ ᠱᠣᠭᠤᠮ ᠪᠣᠢ᠃ ᠵᠣᠭᠠᠴᠠᠭᠰᠠᠳ ᠴᠠᠨ᠎ᠠ ᠴᠡᠴᠡᠭ ᠰᠣᠨᠢᠷᠬᠠᠬᠤ ᠶᠢᠨ ᠳᠠᠭᠠᠣ ᠮᠧᠩ ᠨᠢᠦ ᠠᠵᠣ ᠦᠢᠯᠡᠳᠪᠦᠷᠢ ᠶᠢᠨ ᠬᠦᠷᠢᠶᠡᠯᠡᠩ ︵ | AAAA︶᠂ ᠣᠣ ᠸᠧᠢ ᠮᠧᠩ ᠶᠣᠸᠠᠨ ᠠᠳᠣᠭᠤᠨ ᠰᠣᠶᠣᠯ ᠤᠨ ᠠᠵᠣ ᠦᠢᠯᠡᠰ ᠤᠨ ᠬᠦᠷᠢᠶᠡᠯᠡᠩ ︵AAAA︶᠂ ᠮᠧᠩ ᠼᠣᠣ· ᠡᠪᠡᠰᠦ ᠴᠡᠴᠡᠭ ᠤᠨ | ᠬᠦᠷᠢᠶᠠᠯᠡᠩ ︵AAA︶᠂ ᠱᠧᠩ ᠯᠧ ᠮᠦᠽᠧᠢ ︵AAA︶᠂ ᠮᠧᠩ ᠱᠤ᠋ ᠠᠮᠢ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ︵AAA︶᠂ | ᠬᠦᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠲᠠᠢ ᠭᠧ ᠳ᠋ᠧᠦ ᠲᠠᠷᠢᠶᠠᠯᠨᠬᠤ ᠲᠣᠰᠬᠤᠨ ︵ᠬᠤᠲᠠ ᠶᠢᠨ ᠳᠡᠰ ᠤᠨ ᠬᠦᠳᠡᠭᠡ ᠲᠣᠰᠬᠤᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ︶ ᠵᠡᠷᠭᠡ ᠦᠵᠡᠮᠵᠢ ᠶᠢᠨ ᠭᠠᠵᠠᠷ ᠢ ᠰᠣᠩᠭᠤᠨ ᠲᠣᠭᠤᠷᠢᠵᠣ ᠪᠣᠯᠣᠨ᠎ᠠ᠃ ᠣᠨᠴᠠᠯᠢᠭᠲᠣ ᠰᠣᠶᠣᠯ ᠤᠨ ᠲᠠᠸᠠᠷ | ᠭᠤᠣᠯᠳᠠᠭᠤ᠄ ᠬᠤᠷᠢᠨᠭᠡᠷ ᠤᠨ ᠬᠠᠶᠢᠴᠢᠯᠠᠮᠠᠯ᠂ ᠰᠢᠪᠠᠷ ᠱᠤᠭᠤᠮᠠᠯ ᠵᠢᠴᠢ ᠮᠧᠩ ᠨᠢᠦ᠂ ᠮᠧᠩ ᠶᠠᠩ ᠵᠡᠷᠭᠡ ᠨᠡᠷᠡᠲᠦ ᠢᠳᠡᠭᠡᠨ᠂ ᠣᠨᠴᠠᠯᠢᠭᠲᠣ ᠢᠳᠡᠭᠡᠨ ᠨᠢ | ᠬᠤᠷᠢᠨᠭᠡᠷ ᠤᠨ ᠬᠤᠨᠢᠨ ᠮᠢᠬ᠎ᠠ᠂ ᠲᠣᠰᠤᠨ ᠳᠤ ᠪᠣᠴᠠᠯᠭᠠᠭᠰᠠᠨ ᠪᠣᠭᠤᠷᠰᠤᠭ᠂ ᠶᠣᠣᠮᠠᠢ ᠶᠢᠨ ᠭᠤᠯᠢᠷ ᠵᠡᠷᠭᠡ ᠪᠣᠢ᠃ | ﹇ᠬᠦᠲᠦᠯᠦᠭᠴᠢ﹈ ᠰᠦᠯᠵᠢᠶᠡᠨ ᠠᠨᠳᠠ ᠶᠢᠨ ᠠᠰᠠᠭᠤᠯᠲᠠ᠄ ᠬᠦᠬᠡᠬᠤᠲᠠ ᠠᠴᠠ ᠬᠤᠷᠢᠨᠭᠡᠷ ᠲᠤ ᠴᠡᠴᠡᠭ ᠰᠣᠨᠢᠷᠬᠠᠬᠤ ᠪᠠᠷ ᠣᠴᠢᠪᠠᠯ ᠶᠠᠮᠠᠷ ᠵᠠᠮ ᠢᠶᠠᠷ | ᠶᠠᠪᠣᠬᠤ ᠪᠣᠢ︖ | ﹇ᠵᠣᠴᠢᠨ﹈ ᠬᠦᠬᠡᠬᠤᠲᠠ ᠠᠴᠠ ᠬᠤᠷᠢᠨᠭᠡᠷ ᠲᠤ ᠢᠷᠡᠬᠦ ᠳᠤ ᠲᠡᠷᠭᠡ ᠵᠢᠯᠣᠭᠤᠳᠬᠤ ᠪᠣᠶᠣ ᠨᠡᠶᠢᠲᠡ ᠶᠢᠨ ᠮᠠᠰᠢᠨ ᠳᠤ ᠰᠠᠭᠤᠵᠣ ᠪᠣᠯᠣᠨ᠎ᠠ᠄ ᠥᠪᠡᠷ ᠢᠶᠠᠨ | ᠲᠡᠷᠭᠡ ᠵᠢᠯᠣᠭᠤᠳᠴᠤ ᠢᠷᠡᠪᠡᠯ 209 ᠣᠯᠣᠰ ᠤᠨ ᠳᠡᠰ ᠤᠨ ᠵᠠᠮ᠂ ᠶᠢᠨ ᠱᠧᠩ ᠵᠠᠮ᠂ ᠬᠦᠬᠡᠬᠤᠲᠠ ᠠᠴᠠ ᠱᠦᠸᠧᠵᠸᠦ ᠬᠦᠷᠬᠦ ᠲᠦᠷᠭᠡᠨ ᠤ ᠵᠠᠮ ᠢ | ᠰᠣᠩᠭᠤᠵᠣ ᠪᠣᠯᠣᠨ᠎ᠠ᠂ ᠪᠠᠷᠤᠭ 50 ᠺᠢᠯᠣᠮᠧᠲᠷ᠂ 1 ᠴᠠᠭ ᠭᠠᠷᠣᠢ ᠵᠠᠷᠣᠴᠠᠭᠤᠯᠣᠨ᠎ᠠ᠃ ᠨᠡᠶᠢᠲᠡ ᠶᠢᠨ ᠮᠠᠰᠢᠨ ᠳᠤ ᠰᠠᠭᠤᠪᠠᠯ 209 ᠳ᠋ᠦ᠋ᠭᠡᠷ ᠵᠠᠮ᠂119 | ᠳ᠋ᠦ᠋ᠭᠡᠷ ᠵᠠᠮ᠂101 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠣ ᠱᠧᠩ ᠯᠧ ᠠᠵᠣ ᠠᠬᠤᠢ ᠶᠢᠨ ᠬᠦᠷᠢᠶᠠᠯᠡᠩ ᠲᠣᠭᠤᠷᠢᠭ ᠤᠨ ᠬᠠᠮᠢᠶᠠᠷᠣᠯᠲᠠ ᠶᠢᠨ | ᠵᠥᠪᠯᠡᠯ ᠤᠨ ᠦᠷᠲᠡᠭᠡᠨ ᠳᠤ ᠪᠠᠭᠤᠵᠣ᠂ ᠳᠠᠬᠢᠨ ᠬᠤᠷᠢᠨᠭᠡᠷ1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠣ ᠨᠠᠨ ᠱᠠᠨ ᠵᠢᠭᠤᠯᠴᠢᠯᠠᠯ ᠤᠨ | ᠦᠵᠡᠮᠵᠢ ᠶᠢᠨ ᠣᠷᠣᠨ ᠳᠤ ᠬᠦᠷᠴᠦ ᠪᠣᠯᠣᠨ᠎ᠠ᠃ | ﹇ᠬᠦᠲᠦᠯᠦᠭᠴᠢ﹈ ᠰᠦᠯᠵᠢᠶᠡᠨ ᠠᠨᠳᠠ ᠶᠢᠨ ᠠᠰᠠᠭᠤᠯᠲᠠ᠄ ᠦᠵᠡᠮᠵᠢ ᠶᠢᠨ ᠣᠷᠣᠨ ᠤ ᠡᠭᠦᠳᠡᠨ ᠪᠢᠯᠧᠲ ᠬᠡᠳᠦᠢ ᠵᠣᠭᠤᠰ ᠪᠣᠢ᠂ ᠬᠠᠷᠠᠭᠠᠯᠵᠠᠯ ᠲᠠᠢ | ᠦᠦ︖ | ﹇ᠵᠣᠴᠢᠨ﹈ ᠨᠠᠨ ᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠦᠮᠦᠨ ᠪᠦᠷᠢ 30 ᠲᠦᠭᠦᠷᠢᠭ︔ ᠬᠤᠷᠢᠨᠭᠡᠷ | ᠰᠢᠶᠠᠨ ᠤ ᠲᠣᠰ ᠭᠠᠵᠠᠷ ᠤᠨ ᠰᠠᠭᠤᠭᠠᠯᠢ ᠠᠷᠠᠳ ᠥᠪᠡᠷ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠦᠢᠳᠬᠡᠯ ᠬᠤᠷᠢᠶᠡᠬᠤ ᠦᠭᠡᠢ ᠪᠠᠷ ᠴᠡᠴᠡᠷᠯᠢᠭ ᠲᠤ ᠣᠷᠣᠵᠣ | ᠪᠣᠯᠣᠨ᠎ᠠ︔ ᠪᠡᠶ᠎ᠡ ᠶᠢᠨ ᠦᠨᠳᠦᠷ ᠨᠢ1.2 ᠮᠧᠲᠷ ᠠᠴᠠ ᠳᠣᠷᠣᠭᠰᠢ ᠬᠡᠥᠬᠡᠳ ᠰᠦᠢᠳᠬᠡᠯ ᠬᠤᠷᠢᠶᠡᠬᠤ ᠦᠭᠡᠢ ᠪᠠᠷ ᠴᠡᠴᠡᠷᠯᠢᠭ ᠲᠤ ᠣᠷᠣᠵᠣ ᠪᠣᠯᠣᠨ᠎ᠠ︔ | 60 ᠨᠠᠰᠣᠨ ᠠᠴᠠ ᠳᠡᠭᠡᠭᠰᠢᠬᠢ ᠨᠠᠰᠣᠲᠠᠶᠢᠴᠣᠳ᠂ ᠵᠡᠮᠳᠡᠭᠴᠦᠳ᠂ ᠵᠢᠩᠬᠢᠨᠢ ᠠᠯᠪᠠᠨ ᠴᠡᠷᠢᠭ᠂ ᠰᠣᠷᠪᠣᠯᠵᠢᠯᠠᠭᠴᠢ᠂ ᠵᠢᠭᠤᠯᠴᠢᠯᠠᠯ ᠤᠨ ᠵᠠᠮᠴᠢᠯᠠᠭᠴᠢ ᠬᠦᠴᠦᠨ | ᠪᠦᠬᠦᠢ ᠦᠨᠡᠮᠯᠡᠯ ᠢᠶᠠᠷ ᠢᠶᠠᠨ ᠰᠦᠢᠳᠬᠡᠯ ᠬᠤᠷᠢᠶᠠᠬᠤ ᠦᠭᠡᠢ ᠪᠠᠷ ᠴᠡᠴᠡᠷᠯᠢᠭ ᠲᠤ ᠣᠷᠣᠵᠣ ᠪᠣᠯᠣᠨ᠎ᠠ︔ ᠰᠤᠷᠤᠭᠴᠢᠳ ᠰᠤᠷᠤᠭᠴᠢ ᠶᠢᠨ ᠦᠨᠡᠮᠯᠡᠯ ᠢᠶᠠᠷ ᠢᠶᠠᠨ | ᠬᠠᠭᠠᠰ ᠦᠨ᠎ᠡ ᠶᠢᠨ ᠪᠢᠯᠧᠲ ᠬᠤᠳᠠᠯᠳᠣᠨ ᠠᠪᠣᠨ᠎ᠠ᠃ | ﹇ᠬᠦᠲᠦᠯᠦᠭᠴᠢ﹈ ᠡᠨᠡᠬᠦ ᠣᠳᠠᠭᠠᠨ ᠤ ᠰᠣᠷᠪᠣᠯᠵᠢᠯᠠᠭ᠎ᠠ ᠪᠠᠷ ᠳᠠᠮᠵᠢᠵᠣ᠂ ᠤᠯᠠᠨ ᠢᠶᠠᠷ ᠢᠶᠠᠨ ᠥᠪᠥᠷ ᠮᠣᠩᠭᠤᠯ ᠤᠨ ᠬᠤᠷᠢᠨᠭᠡᠷ ᠤᠨ ᠠᠷᠪᠠᠳᠣᠭᠠᠷ | ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠤᠨ ᠠᠵᠢᠯᠯᠠᠭ᠎ᠠ ᠳᠤ ᠨᠡᠩ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠵᠤ᠂ | ᠬᠤᠷᠢᠨᠭᠡᠷ ᠤᠨ ᠵᠢᠭᠤᠯᠴᠢᠯᠠᠯ ᠳᠤ ᠨᠡᠩ ᠭᠦᠨᠵᠡᠭᠡᠢ ᠲᠥᠷᠥᠭᠳᠡᠯ ᠲᠠᠢ ᠪᠣᠯᠣᠭᠰᠠᠨ ᠪᠠᠶᠢᠨ᠎ᠠ᠃ ᠲᠤᠶᠠᠭ᠎ᠠ ᠳᠠᠷᠤᠭ᠎ᠠ ᠳᠤ ᠪᠠᠶᠠᠷᠯᠠᠯ᠎ᠠ᠃ | ﹇ᠵᠣᠴᠢᠨ﹈ ᠬᠤᠷᠢᠨᠭᠡᠷ ᠪᠣᠯ ᠲᠡᠥᠬᠡ ᠰᠣᠳᠣᠷ ᠢᠶᠠᠨ ᠳᠠᠭᠤᠷᠢᠰᠬᠠᠭᠰᠠᠨ᠂ ᠰᠣᠳᠣᠨ ᠬᠦᠮᠦᠰ ᠴᠣᠯᠭᠤᠷᠠᠨ ᠭᠠᠷᠣᠭᠰᠠᠨ᠂ ᠵᠢᠭᠤᠯᠴᠢᠯᠠᠯ ᠤᠨ ᠡᠬᠢ | ᠪᠠᠶᠠᠯᠢᠭ ᠡᠯᠪᠡᠭ ᠨᠣᠲᠤᠭ ᠶᠤᠮ᠃ ᠲᠠ ᠤᠯᠠᠨ ᠲᠠᠢ ᠪᠠᠨ ᠬᠤᠷᠢᠨᠭᠡᠷ ᠲᠤ ᠤᠴᠠᠷᠠᠨ ᠵᠣᠯᠭᠠᠬᠤ ᠶᠢ ᠬᠦᠰᠡᠨ ᠪᠠᠷᠠᠯᠠᠵᠤ ᠪᠠᠶᠢᠨ᠎ᠠ᠂ ᠪᠠᠶᠠᠷᠯᠠᠯ᠎ᠠ︕ | ﹇ᠬᠠᠮᠢᠶᠠᠷᠣᠭᠴᠢ﹈ ᠲᠤᠶᠠᠭ᠎ᠠ ᠳᠠᠷᠤᠭ᠎ᠠ ᠳᠤ ᠪᠠᠨ ᠪᠠᠶᠠᠷᠯᠠᠯ᠎ᠠ᠂ ᠮᠦᠨ ᠴᠦ ᠠᠩᠬᠠᠷᠣᠯ ᠲᠠᠯᠪᠢᠨ ᠣᠷᠣᠯᠴᠠᠭᠰᠠᠨ ᠰᠦᠯᠵᠢᠶᠡᠨ ᠠᠨᠳᠠ ᠨᠠᠷ ᠲᠤ ᠪᠠᠨ | ᠪᠠᠶᠠᠷᠯᠠᠯ᠎ᠠ᠂ ᠡᠨᠡ ᠤᠳᠠᠭᠠᠨ ᠤ ᠰᠣᠷᠪᠣᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠲᠠᠨᠠᠷ ᠤᠨ ᠢᠶᠠᠨ ᠰᠠᠶᠢᠨ ᠰᠠᠶᠢᠬᠠᠨ ᠢ ᠬᠦᠰᠡᠶ᠎ᠡ︕ |