ᠬᠥᠬᠡᠬᠤᠲᠠ ᠨᠢᠰᠬᠡᠯ ᠤᠨ ᠪᠠᠭᠤᠳᠠᠯ ᠤᠨ ᠵᠠᠯᠭᠠᠬᠤ ᠱᠤᠭᠤᠮ ᠤᠨ ᠬᠡᠰᠡᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2019/6/13
      ᠬᠥᠬᠡᠬᠤᠲᠠ ᠶᠢᠨ ᠬᠠᠶᠢᠯᠠᠷ ᠵᠡᠭᠦᠨ ᠵᠠᠮ - ᠬᠠᠶᠢᠯᠠᠷ ᠪᠠᠷᠠᠭᠤᠨ ᠵᠠᠮ - ᠶᠢᠨ ᠬᠠᠢ ᠵᠠᠮ ᠤᠨ ᠴᠢᠳᠠᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠬᠤᠶᠠᠳᠤᠭᠠᠷ ᠬᠤᠭᠤᠴᠠᠭᠠᠨ ᠤ ᠳᠦᠰᠦᠯ ᠤᠨ ᠠᠬᠢᠯᠲᠠ ᠶᠢᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠬᠤᠪᠢᠶᠠᠷᠢ ᠲᠣᠪᠴᠢᠶ᠎ᠠ ᠶᠢᠨ ᠬᠥᠭᠦᠷᠭᠡ ᠲᠠᠯᠪᠢᠬᠤ ᠳᠦᠰᠦᠯ ᠤᠨ ᠬᠢᠵᠠᠭᠠᠷᠲᠤ ᠺᠣᠮᠫᠠᠨᠢ 6 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ ᠨᠢᠰᠬᠡᠯ ᠤᠨ ᠪᠠᠭᠤᠳᠠᠯ ᠤᠨ ᠵᠠᠯᠭᠠᠬᠤ ᠱᠤᠭᠤᠮ ᠤᠨ ᠬᠡᠰᠡᠭ ᠵᠠᠮ ᠳᠤ ᠬᠠᠷᠢᠯᠴᠠᠨ ᠨᠡᠪᠲᠡᠷᠡᠬᠦ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠬᠢᠨ᠎ᠡ᠃ ᠬᠠᠷᠢᠯᠴᠠᠨ ᠨᠡᠪᠲᠡᠷᠡᠬᠦ ᠵᠠᠮ ᠢ ᠵᠠᠰᠠᠬᠤ ᠬᠤᠭᠤᠴᠠᠭᠠᠨ ᠳᠤ ᠨᠢᠰᠬᠡᠯ ᠤᠨ ᠪᠠᠭᠤᠳᠠᠯ ᠤᠨ ᠵᠡᠭᠦᠨ ᠪᠠᠷᠠᠭᠤᠨ ᠬᠤᠤᠰ ᠴᠢᠭᠯᠡᠯᠲᠦ ᠵᠠᠮ ᠤᠨ ᠬᠠᠮᠤᠭ ᠭᠠᠳᠠᠷ ᠬᠠᠵᠠᠭᠤ ᠶᠢᠨ ᠮᠠᠰᠢᠨ ᠲᠡᠷᠭᠡᠨ ᠤ ᠵᠠᠮ ᠢ ᠡᠵᠡᠯᠡᠨ ᠬᠠᠰᠢᠵᠤ᠂ ᠣᠷᠳᠣ ᠨᠢ ᠪᠠᠷᠤᠭ 450 ᠮᠧᠲᠷ ᠪᠣᠯᠤᠨ᠎ᠠ᠃ ᠬᠠᠰᠢᠬᠤ ᠬᠤᠭᠤᠴᠠᠭᠠᠨ ᠳᠤ ᠵᠡᠭᠦᠨ ᠪᠠᠷᠠᠭᠤᠨ ᠬᠤᠣᠰ ᠴᠢᠭᠯᠡᠯᠲᠦ ᠮᠠᠰᠢᠨ ᠲᠡᠷᠭᠡᠨ ᠤ ᠵᠠᠮ ᠨᠢ ᠭᠤᠷᠪᠠᠨ ᠵᠤᠷᠪᠤᠰ ᠪᠠᠶᠢᠭᠰᠠᠨ ᠠᠴᠠ ᠬᠤᠶᠠᠷ ᠵᠤᠷᠪᠤᠰ ᠵᠠᠮ ᠪᠣᠯᠵᠤ ᠨᠠᠷᠢᠰᠤᠨ᠎ᠠ᠃ ︵ᠰᠤᠷᠪᠤᠯᠵᠢᠯᠠᠭᠴᠢ ᠵᠣ ᠯᠢ ᠬᠤᠸᠠ᠂ ᠴᠢᠮᠡᠭᠡᠯᠡᠭᠴᠢ ᠵᠠᠩ ᠵᠢᠶ ᠫᠢᠩ︶
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ