ᠬᠥᠬᠡᠬᠤᠲᠠ ᠶᠢᠨ ᠰᠣᠶᠣᠯ ᠤᠨ ᠴᠢᠳᠠᠪᠤᠷᠢᠲᠠᠨ ︵ᠬᠥᠮᠥᠷᠭᠡ︶ ᠤ ᠵᠠᠭᠤᠨ ᠬᠥᠮᠥᠨ ᠵᠠᠭᠤᠨ ᠳᠤᠭᠤᠶᠢᠯᠠᠩ | ᠵᠠᠭᠤᠨ ᠲᠦᠮᠡᠨ ᠬᠥᠮᠥᠨ ᠢ ᠳᠠᠶᠢᠴᠢᠯᠠᠬᠤ ᠢᠨᠵᠧᠨᠧᠷᠢᠩ ᠤᠨ ᠵᠣᠬᠢᠶᠠᠨ ᠪᠠᠶᠢᠭᠤᠯᠬᠤ ᠺᠣᠮᠢᠰ ᠤᠨ ᠠᠯᠪᠠᠨ ᠭᠡᠷ ᠠᠴᠠ | ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠲᠦᠮᠡᠳ ᠤᠨ ᠲᠠᠯ᠎ᠠ ᠰᠣᠶᠣᠯ ᠵᠢᠭᠤᠯᠴᠢᠯᠠᠯ ᠤᠨ ᠬᠢᠵᠠᠭᠠᠷᠲᠤ | ᠺᠣᠮᠫᠠᠨᠢ ᠠᠴᠠ ᠳᠠᠭᠠᠭᠠᠴᠢᠯᠠᠨ ᠡᠷᠬᠢᠯᠡᠭᠰᠡᠨ 2019 ᠣᠨ ᠤ ᠬᠥᠬᠡᠬᠤᠲᠠ ᠶᠢᠨ ᠲᠠᠪᠤᠳᠤᠭᠠᠷ ᠬᠤᠭᠤᠴᠠᠭ᠎ᠠ ᠶᠢᠨ | ᠠᠷᠠᠳ ᠤᠨ ᠥᠪ ᠰᠣᠶᠣᠯ ᠤᠨ ᠠᠵᠢᠯᠯᠠᠭ᠎ᠠ ᠵᠢᠴᠢ ᠳᠣᠯᠣᠳᠤᠭᠠᠷ ᠬᠤᠭᠤᠴᠠᠭ᠎ᠠ ᠶᠢᠨ ᠲᠦᠮᠡᠳ ᠤᠨ ᠣᠪᠣᠭᠠᠨ | ᠰᠣᠶᠣᠯ ᠵᠢᠭᠤᠯᠴᠢᠯᠠᠯ ᠤᠨ ᠨᠠᠶᠢᠷ᠂ 15 ᠤ ᠡᠳᠦᠷ ᠲᠦᠮᠡᠳ ᠵᠡᠭᠦᠨ ᠬᠤᠰᠢᠭᠤᠨ ᠤ ᠬᠢᠶ᠎ᠠ ᠲᠠᠶᠢᠵᠢ ᠲᠣᠰᠬᠤᠨ ᠤ | ᠣᠪᠣᠭᠠᠨ ᠰᠣᠶᠣᠯ ᠠᠭᠤᠳᠠᠮ ᠲᠠᠯᠠᠪᠠᠢ ᠳᠤ ᠶᠠᠪᠤᠭᠳᠠᠪᠠ᠃ | ᠲᠤᠰ ᠬᠤᠭᠤᠴᠠᠭᠠᠨ ᠤ ᠠᠵᠢᠯᠯᠠᠭ᠎ᠠ ᠳᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠶᠢᠨ ᠭᠤᠣᠯ ᠬᠥᠭ ᠠᠶᠠᠰ ᠢ ᠳᠣᠪᠣᠶᠢᠯᠭᠠᠵᠤ᠂ ᠦᠨᠳᠦᠰᠦᠲᠡᠨ ᠤ ᠬᠤᠪᠴᠠᠰᠤ ᠵᠠᠰᠠᠯ ᠤᠨ ᠲᠤᠲᠤᠷᠭᠠᠨ | ᠲᠠᠷᠢᠶᠠᠨ ᠳᠤᠮᠳᠠᠬᠢ ᠦᠵᠡᠮᠦᠷᠢ ᠶᠢᠨ ᠭᠡᠷᠡᠯ ᠵᠢᠷᠤᠭ᠂ ᠲᠣᠰᠬᠤᠨ ᠤ ᠨᠠᠭᠠᠳᠤᠮ ᠤᠨ ᠲᠣᠭᠯᠠᠯᠲᠠ᠂ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠤᠨ ᠤᠯᠠᠮᠵᠢᠯᠠᠭᠴᠢ ᠶᠢᠨ ᠳᠡᠯᠭᠡᠨ ᠦᠵᠡᠭᠦᠯᠬᠦ ᠪᠠ ᠤᠯᠠᠮᠵᠢᠯᠠᠨ ᠳᠡᠯᠭᠡᠷᠡᠭᠦᠯᠬᠦ | ᠠᠵᠢᠯᠯᠠᠭ᠎ᠠ᠂ ᠤᠯᠠᠭᠠᠨᠮᠥ᠋ᠴᠢᠷ ᠤᠨ ᠲᠠᠯ᠎ᠠ ᠨᠤᠲᠤᠭ ᠤᠨ ᠲᠣᠭᠯᠠᠯᠲᠠ᠂ ᠨᠠᠭᠠᠳᠤᠮ ᠤᠨ ᠬᠤᠷᠠᠯ ᠵᠡᠷᠭᠡ ᠡᠯᠪᠡᠭ | ᠪᠠᠶᠠᠯᠢᠭ ᠪᠥᠭᠡᠳ ᠦᠨᠳᠦᠰᠦᠲᠡᠨ ᠤ ᠣᠨᠴᠠᠯᠢᠭ ᠲᠠᠢ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠮᠤᠨᠢ ᠠᠭᠤᠯᠠ ᠶᠢᠨ | ᠬᠤᠷᠮᠣᠶ ᠳᠠᠬᠢ ᠴᠡᠯᠡᠭᠡᠷ ᠲᠠᠯ᠎ᠠ ᠪᠠ ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠠᠶᠢᠯ ᠲᠣᠰᠬᠤᠨ ᠤ | ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠢ ᠬᠥᠭᠵᠢᠭᠦᠯᠦᠭᠰᠡᠨ᠂ ᠦᠨᠳᠦᠰᠦᠲᠡᠨ ᠤ | ᠰᠣᠶᠣᠯ ᠢ ᠤᠯᠠᠮᠵᠢᠯᠠᠨ ᠬᠥᠭᠵᠢᠭᠦᠯᠦᠭᠰᠡᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ | ᠠᠬᠢᠭᠤᠯᠤᠭᠰᠠᠨ ᠴᠠᠭ ᠦᠶ᠎ᠡ ᠶᠢᠨ ᠠᠮᠵᠢᠯᠲᠠ ᠪᠦᠲᠦᠭᠡᠯ ᠢ ᠬᠠᠷᠠᠭᠤᠯᠪᠠ᠃ |