ᠬᠥᠬᠡᠬᠤᠲᠠ ᠶᠢᠨ ᠰᠣᠶᠣᠯ ᠤᠨ ᠴᠢᠳᠠᠪᠤᠷᠢᠲᠠᠨ ︵ᠬᠥᠮᠥᠷᠭᠡ︶ ᠤ ᠵᠠᠭᠤᠨ ᠬᠥᠮᠥᠨ ᠵᠠᠭᠤᠨ ᠳᠤᠭᠤᠶᠢᠯᠠᠩ ᠵᠠᠭᠤᠨ ᠲᠦᠮᠡᠨ ᠬᠥᠮᠥᠨ ᠢ ᠳᠠᠶᠢᠴᠢᠯᠠᠬᠤ ᠢᠨᠵᠧᠨᠧᠷᠢᠩ ᠤᠨ | ᠵᠣᠬᠢᠶᠠᠨ ᠪᠠᠶᠢᠭᠤᠯᠬᠤ ᠺᠣᠮᠢᠰ ᠤᠨ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠲᠦᠮᠡᠳ ᠤᠨ ᠲᠠᠯ᠎ᠠ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠠᠴᠠ | ᠳᠠᠭᠠᠭᠠᠴᠢᠯᠠᠨ ᠡᠷᠬᠢᠯᠡᠭᠰᠡᠨ 2019 ᠣᠨ ᠤ ᠬᠥᠬᠡᠬᠤᠲᠠ ᠶᠢᠨ ᠲᠠᠪᠤᠳᠤᠭᠠᠷ ᠬᠤᠭᠤᠴᠠᠭ᠎ᠠ ᠶᠢᠨ ᠠᠷᠠᠳ ᠤᠨ ᠥᠪ ᠰᠣᠶᠣᠯ ᠤᠨ ᠠᠵᠢᠯᠯᠠᠭ᠎ᠠ ᠵᠢᠴᠢ ᠳᠣᠯᠣᠳᠤᠭᠠᠷ | ᠬᠤᠭᠤᠴᠠᠭ᠎ᠠ ᠶᠢᠨ ᠲᠦᠮᠡᠳ ᠤᠨ ᠣᠪᠣᠭᠠᠨ ᠰᠣᠶᠣᠯ ᠵᠢᠭᠤᠯᠴᠢᠯᠠᠯ ᠤᠨ ᠨᠠᠶᠢᠷ᠂ 15 ᠤ ᠡᠳᠦᠷ ᠲᠦᠮᠡᠳ ᠵᠡᠭᠦᠨ ᠬᠤᠰᠢᠭᠤᠨ ᠤ ᠬᠢᠶ᠎ᠠ ᠲᠠᠶᠢᠵᠢ ᠲᠣᠰᠬᠤᠨ ᠤ ᠣᠪᠣᠭᠠᠨ ᠰᠣᠶᠣᠯ | ᠠᠭᠤᠳᠠᠮ ᠲᠠᠯᠠᠪᠠᠢ ᠳᠤ ᠶᠠᠪᠤᠭᠳᠠᠪᠠ᠃ | ᠲᠤᠰ ᠬᠤᠭᠤᠴᠠᠭᠠᠨ ᠤ ᠠᠵᠢᠯᠯᠠᠭ᠎ᠠ ᠳᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠭᠤᠣᠯ ᠬᠥᠭ ᠠᠶᠠᠰ ᠢ ᠳᠣᠪᠣᠶᠢᠯᠭᠠᠵᠤ᠂ | ᠦᠨᠳᠦᠰᠦᠲᠡᠨ ᠤ ᠬᠤᠪᠴᠠᠰᠤ ᠵᠠᠰᠠᠯ ᠤᠨ ᠲᠤᠲᠤᠷᠭᠠᠨ ᠲᠠᠷᠢᠶᠠᠨ ᠳᠤᠮᠳᠠᠬᠢ ᠦᠵᠡᠮᠦᠷᠢ ᠶᠢᠨ ᠭᠡᠷᠡᠯ ᠵᠢᠷᠤᠭ᠂ ᠲᠣᠰᠬᠤᠨ ᠤ ᠨᠠᠭᠠᠳᠤᠮ ᠤᠨ ᠲᠣᠭᠯᠠᠯᠲᠠ᠂ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠤᠨ ᠤᠯᠠᠮᠵᠢᠯᠠᠭᠴᠢ ᠶᠢᠨ ᠳᠡᠯᠭᠡᠨ ᠦᠵᠡᠭᠦᠯᠬᠦ ᠪᠠ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ᠂ ᠤᠯᠠᠭᠠᠨᠮᠥ᠋ᠴᠢᠷ ᠤᠨ ᠲᠠᠯ᠎ᠠ ᠨᠤᠲᠤᠭ ᠤᠨ | ᠲᠣᠭᠯᠠᠯᠲᠠ᠂ ᠨᠠᠭᠠᠳᠤᠮ ᠤᠨ ᠬᠤᠷᠠᠯ ᠵᠡᠷᠭᠡ ᠡᠯᠪᠡᠭ ᠪᠠᠶᠠᠯᠢᠭ ᠪᠥᠭᠡᠳ ᠦᠨᠳᠦᠰᠦᠲᠡᠨ ᠤ ᠣᠨᠴᠠᠯᠢᠭ ᠲᠠᠢ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠮᠤᠨᠢ ᠠᠭᠤᠯᠠ ᠶᠢᠨ | ᠬᠤᠷᠮᠣᠶ ᠳᠠᠬᠢ ᠴᠡᠯᠡᠭᠡᠷ ᠲᠠᠯ᠎ᠠ ᠪᠠ ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠠᠶᠢᠯ ᠲᠣᠰᠬᠤᠨ ᠤ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠷᠢᠶᠠᠯᠠᠩ ᠢ ᠬᠥᠭᠵᠢᠭᠦᠯᠦᠭᠰᠡᠨ᠂ ᠦᠨᠳᠦᠰᠦᠲᠡᠨ ᠤ ᠰᠣᠶᠣᠯ ᠢ ᠤᠯᠠᠮᠵᠢᠯᠠᠨ ᠬᠥᠭᠵᠢᠭᠦᠯᠦᠭᠰᠡᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠭᠰᠠᠨ | ᠴᠠᠭ ᠦᠶ᠎ᠡ ᠶᠢᠨ ᠠᠮᠵᠢᠯᠲᠠ ᠪᠦᠲᠦᠭᠡᠯ ᠢ ᠬᠠᠷᠠᠭᠤᠯᠪᠠ᠃ |