ᠮᠠᠨ ᠤ ᠬᠤᠲᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠮᠥᠩᠭᠦ ᠪᠠᠭᠤᠯᠭᠠᠵᠠᠢ
ᠨᠡᠶᠢᠲᠡᠯᠡᠭᠰᠡᠨ ᠴᠠᠭ᠄
2019-06-18
     ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠰᠦᠩ ᠰᠢᠶᠠᠩ ᠬᠤᠸᠠ︶ ︽2019 ᠣᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠨᠥᠬᠦᠪᠥᠷᠢ ᠥᠭᠬᠦ ᠲᠥᠰᠦᠪ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠡᠦᠬᠡᠳ ᠤᠨ ᠴᠡᠴᠡᠷᠯᠢᠭ ᠤᠨ ᠬᠥᠮᠦᠨ ᠤ ᠲᠤᠭ᠎ᠠ ᠪᠠ ᠪᠠᠷᠢᠮᠵᠢᠶ᠎ᠠ ᠶᠢ ᠦᠨᠳᠦᠰᠦᠯᠡᠨ᠂ 2019 ᠣᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠠᠯᠪᠠᠨ ᠵᠠᠷᠤᠳᠠᠯ ᠤᠨ ᠨᠥᠬᠦᠪᠥᠷᠢ ᠮᠥᠩᠭᠦ 1332 ᠲᠦᠮᠡᠨ ᠲᠥᠭᠦᠷᠢᠭ ᠢ ᠴᠠᠭ ᠲᠤᠬᠠᠶ ᠳᠤᠨᠢ ᠪᠠᠭᠤᠯᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠴᠠ ᠲᠣᠭᠲᠠᠭᠠᠭᠰᠠᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠪᠣᠯ᠄ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠶᠢᠨ ᠳᠤᠮᠳᠠᠴᠢ ᠨᠥᠬᠦᠪᠥᠷᠢ ᠶᠢᠨ ᠪᠠᠷᠢᠮᠵᠢᠶ᠎ᠠ 600 ᠲᠥᠭᠦᠷᠢᠭ᠂ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ ᠬᠢᠭᠡᠳ ᠬᠤᠲᠠ ᠶᠢᠨ ᠱᠠᠲᠤ 3᠄ 7 ᠶᠢᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠂ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠤᠨ ᠶᠣᠰᠣᠭᠠᠷ ᠬᠤᠪᠢᠶᠠᠨ ᠡᠭᠦᠷᠭᠡᠯᠡᠨ᠎ᠡ᠃ ᠲᠤᠰ ᠤᠳᠠᠭ᠎ᠠ ᠶᠢᠨ ᠪᠠᠭᠤᠯᠭᠠᠭᠰᠠᠨ ᠨᠥᠬᠦᠪᠥᠷᠢ ᠪᠠᠯᠠ ᠮᠥᠩᠭᠦ ᠳᠤ᠄ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ 400 ᠲᠦᠮᠡᠨ ᠲᠥᠭᠦᠷᠢᠭ᠂ ᠬᠤᠲᠠ ᠶᠢᠨ ᠲᠤᠰ ᠱᠠᠲᠤᠨ ᠤ ᠪᠠᠯᠠ ᠮᠥᠩᠭᠦ 314 ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ ᠤᠨ ᠢᠵᠢ ᠪᠦᠷᠢᠯᠳᠦᠭᠦᠯᠦᠭᠰᠡᠨ ᠪᠠᠯᠠ ᠮᠥᠩᠭᠦ 618 ᠲᠦᠮᠡᠨ ᠲᠥᠭᠦᠷᠢᠭ ᠪᠠᠭᠲᠠᠨ᠎ᠠ ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号