ᠮᠠᠨ ᠤ ᠬᠤᠳᠠ ᠤᠯᠠᠨ ᠨᠡᠶᠢᠲᠡ ᠶᠢᠨ ᠪᠠᠶᠢᠭᠤᠯᠤᠮᠵᠢ ᠶᠢᠨ ︽ᠪᠦᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ᠪᠣᠯᠤᠨ ︽ᠪᠦᠬᠦ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019/6/18
      ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ ᠥᠴᠥᠭᠡᠳᠦᠷ᠂ ᠮᠠᠨ ᠤ ᠬᠤᠲᠠ ᠶᠢᠨ 2019 ᠣᠨ ᠤ ᠤᠯᠠᠨ ᠨᠡᠶᠢᠲᠡ ᠶᠢᠨ ᠪᠠᠶᠢᠭᠤᠯᠤᠮᠵᠢ ᠶᠢᠨ ︽ᠪᠦᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ᠪᠣᠯᠤᠨ ︽ᠪᠦᠬᠦ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃      ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠯᠠᠬᠤ ᠲᠣᠭᠤᠷᠢᠭ ᠲᠤ ︽ᠡᠨᠧᠷᠭᠢ ᠠᠷᠪᠢᠯᠠᠨ ᠣᠷᠴᠢᠨ ᠠᠬᠤᠶ ᠶᠢ ᠬᠠᠮᠠᠭᠠᠯᠠᠬᠤ ᠳᠤ ᠵᠠᠰᠠᠭ ᠤᠨ ᠣᠷᠳᠣᠨ ᠠᠴᠠ ᠲᠡᠷᠢᠭᠦᠯᠡᠨ᠎ᠡ︾ ᠭᠡᠬᠦ ᠭᠤᠤᠯ ᠰᠡᠳᠦᠪᠲᠦ ᠭᠡᠷᠡᠯ ᠵᠢᠷᠤᠭ ᠤᠨ ᠦᠵᠡᠭᠦᠯᠦᠯᠭᠡ ᠭᠠᠷᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠭᠠᠷ ᠠᠪᠤᠯᠭ᠎ᠠ ᠲᠠᠷᠬᠠᠭᠠᠵᠤ᠂ ᠭᠠᠮᠲᠠᠢ ᠠᠯᠪᠠᠯᠠᠬᠤ᠂ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠂ ᠶᠠᠪᠤᠵᠤ ᠰᠠᠭᠤᠬᠤ ᠶᠢᠨ ᠪᠣᠬᠢᠷᠲᠤᠯ ᠥᠬᠡᠶ ᠶᠢ ᠰᠠᠨᠠᠭᠠᠴᠢᠯᠠᠵᠠᠶ᠃  ᠣᠶᠢᠯᠠᠭᠠᠭᠰᠠᠨ ᠢᠶᠠᠷ᠂ ᠡᠨᠡ ᠵᠢᠯ ᠤᠨ ︽ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ᠨᠢ ︽ᠪᠣᠬᠢᠷᠲᠤᠯ ᠦᠭᠡᠢ ᠬᠥᠭᠵᠢᠯᠲᠡ ᠨᠢ ᠡᠨᠧᠷᠭᠢ ᠠᠷᠪᠢᠯᠠᠬᠤ ᠠᠴᠠ ᠡᠬᠢᠯᠡᠨ᠎ᠡ︾ ᠭᠡᠰᠡᠨ ᠢᠶᠠᠷ ᠭᠤᠣᠯ ᠰᠡᠳᠦᠪ ᠢᠶᠠᠨ ᠪᠣᠯᠭᠠᠵᠤ᠂ ︽ᠪᠦᠬᠦ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠡᠳᠦᠷ︾ ᠨᠢ ︽ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ᠂ ᠬᠥᠬᠡ ᠣᠭᠲᠠᠷᠭᠤᠶ ᠪᠠᠨ ᠬᠠᠮᠠᠭᠠᠯᠠᠶ᠎ᠠ︾ ᠭᠡᠰᠡᠨ ᠢᠶᠠᠷ ᠭᠤᠣᠯ ᠰᠡᠳᠦᠪ ᠢᠶᠠᠨ ᠪᠣᠯᠭᠠᠵᠠᠢ᠃ ᠪᠥᠬᠦ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠨᠢᠭᠡᠴᠡ ᠨᠦᠭᠦᠳ ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠮᠠᠶ᠋ᠢᠭ ᠢᠶᠠᠷ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠠᠷᠪᠢᠯᠠᠬᠤ ᠪᠠ ᠠᠮᠢᠳᠤᠷᠠᠯ ᠤᠨ ᠬᠤᠭ ᠨᠣᠪᠰᠢ ᠳᠤ ᠲᠥᠷᠥᠯ ᠠᠩᠭᠢᠯᠠᠬᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠠᠷᠪᠢᠯᠠᠨ ᠭᠠᠮᠨᠠᠬᠤ ᠶᠢ ᠡᠷᠬᠢᠮᠯᠡᠬᠦ᠂ ᠵᠦᠶ ᠵᠣᠬᠢᠰᠲᠠᠶ ᠬᠡᠷᠡᠭᠯᠡᠬᠦ᠂ ᠣᠷᠴᠢᠨ ᠠᠬᠤᠶ ᠳᠤ ᠪᠣᠬᠢᠷᠳᠤᠯ ᠦᠭᠡᠢ᠂ ᠣᠷᠴᠢᠯ ᠠᠰᠢᠭᠯᠠᠯᠲᠠ ᠶᠢ ᠡᠷᠬᠢᠮᠯᠡᠬᠦ ᠰᠠᠶᠢᠨ ᠰᠠᠶᠢᠬᠠᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠦᠷᠢᠯᠳᠦᠭᠦᠯᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ