ᠪᠦᠲᠦᠭᠡᠯᠴᠢ ᠵᠢᠷᠤᠭ ᠲᠥᠯᠥᠪᠯᠡᠭᠡᠨ ᠤ ᠦᠵᠡᠰᠬᠦᠯᠡᠩ
ᠨᠡᠶᠢᠲᠡᠯᠡᠭᠰᠡᠨ ᠴᠠᠭ᠄
2019-06-21
     ᠥᠴᠥᠭᠡᠳᠦᠷ ᠦᠳᠡ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠪᠦᠲᠦᠭᠡᠯᠴᠢ ᠵᠢᠷᠤᠭ ᠲᠥᠯᠥᠪᠯᠡᠭᠡᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ︽ᠰᠢᠨ᠎ᠡ ᠴᠠᠭ ᠦᠶ᠎ᠡ ᠰᠢᠨ᠎ᠡ ᠠᠮᠢᠵᠢᠷᠠᠯ ᠤᠨ ᠬᠦᠴᠦᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠦᠲᠦᠭᠡᠯᠴᠢ ᠵᠢᠷᠤᠭ ᠲᠥᠯᠥᠪᠯᠡᠭᠡᠨ ᠤ ᠦᠵᠡᠰᠬᠦᠯᠡᠩ︾ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ ᠵᠥᠪᠬᠡᠨ ᠲᠤᠰ ᠡᠳᠦᠷ ᠤᠨ ᠦᠳᠡ ᠡᠮᠦᠨ᠎ᠡ ᠳᠡᠭᠡᠨ ᠮᠢᠩᠭ᠎ᠠ ᠭᠠᠷᠤᠢ ᠬᠤᠳᠠ ᠶᠢᠨ ᠠᠷᠠᠳ ᠤᠨ ᠰᠣᠨᠢᠷᠬᠠᠯ ᠢ ᠲᠠᠲᠠᠵᠤ  ᠲᠣᠭᠤᠷᠢᠨ ᠦᠵᠡᠵᠦ ᠵᠠᠳᠠᠯᠤᠨ ᠰᠢᠨᠵᠢᠯᠡᠬᠦ ᠳᠤ ᠣᠷᠣᠯᠴᠠᠭᠤᠯᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠦᠵᠡᠰᠬᠦᠯᠡᠩ ᠳᠤ ᠨᠡᠶᠢᠲᠡ 18 ᠶᠡᠭᠡ ᠳᠡᠭᠡᠳᠦ ᠰᠤᠷᠭᠠᠭᠤᠯᠢ ᠪᠠ ᠨᠡᠶᠢᠭᠡᠮᠯᠢᠭ ᠤᠨ 1200 ᠭᠠᠷᠤᠶ ᠢᠵᠢ ᠪᠦᠲᠦᠭᠡᠯ ᠢ ᠳᠡᠯᠭᠡᠨ ᠦᠵᠡᠭᠦᠯᠵᠦ᠂ ᠬᠠᠷᠠᠭᠠᠨ ᠰᠡᠷᠡᠯ ᠤᠨ ᠳᠠᠮᠵᠢᠭᠤᠯᠭ᠎ᠠ᠂ ᠣᠷᠴᠢᠨ ᠠᠬᠤᠢ ᠶᠢᠨ ᠤᠷᠠᠯᠢᠭ᠂ ᠺᠠᠷᠲ᠋ᠣᠨ ᠵᠢᠷᠤᠭ ᠲᠥᠯᠥᠪᠯᠡᠭᠡ᠂ ᠲᠣᠭᠠᠴᠢᠯᠠᠭᠰᠠᠨ ᠤᠯᠠᠮᠵᠢᠯᠠᠬᠤ ᠵᠠᠭᠤᠴᠢ᠂ ᠪᠦᠲᠦᠭᠡᠭᠳᠡᠬᠦᠨ ᠤ ᠵᠢᠷᠤᠭ ᠲᠥᠯᠥᠪᠯᠡᠭᠡ᠂ ᠬᠤᠪᠴᠠᠰᠤᠨ ᠤ ᠵᠢᠷᠤᠭ ᠲᠥᠯᠥᠪᠯᠡᠭᠡ᠂ ᠬᠤᠸᠠᠷ ᠴᠡᠴᠡᠭ ᠤᠨ ᠤᠷᠠᠯᠢᠭ᠂ ᠠᠷᠠᠰᠤᠨ ᠰᠡᠶᠢᠯᠦᠮᠡᠯ ᠤᠨ ᠤᠷᠠᠯᠢᠭ᠂ ᠸᠠᠭᠠᠷ ᠱᠠᠭᠠᠵᠠᠩ ᠤᠨ ᠤᠷᠠᠯᠢᠭ ᠢ ᠬᠠᠮᠤᠷᠤᠭᠰᠠᠨ ᠪᠠᠶᠢᠨ᠎ᠠ᠃ ᠲᠤᠰ ᠤᠳᠠᠭᠠᠨ ᠤ ᠦᠵᠡᠭᠦᠯᠦᠯᠭᠡ ᠨᠢ 6 ᠰᠠᠷ᠎ᠠ ᠶᠢᠨ 25 ᠤ ᠡᠳᠦᠷ ᠪᠣᠯᠲᠠᠯ᠎ᠠ ᠶᠠᠪᠤᠭᠳᠠᠨ᠎ᠠ᠂ ᠡᠨᠡ ᠬᠤᠭᠤᠴᠠᠭᠠᠨ ᠳᠤ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ 9 ᠴᠠᠭ ᠠᠴᠠ 17 ᠴᠠᠭ ᠪᠣᠯᠲᠠᠯ᠎ᠠ ᠨᠡᠭᠡᠭᠡᠯᠲᠡ ᠬᠢᠵᠦ᠂ ᠬᠤᠲᠠ ᠶᠢᠨ ᠠᠷᠠᠳ ᠤᠨ ᠦᠵᠡᠰᠬᠦᠯᠡᠩ ᠢ ᠲᠣᠭᠤᠷᠢᠨ ᠦᠵᠡᠬᠦ ᠳᠤ ᠵᠣᠷᠢᠭᠤᠯᠪᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号