ᠬᠤᠨᠢᠨ ᠤ ᠥᠰᠥᠯᠲᠡ ᠶᠢᠨ ᠬᠤᠭᠤᠴᠠᠭᠠᠨ ᠳᠠᠬᠢ ᠰᠢᠮ᠎ᠡ ᠲᠡᠵᠢᠭᠡᠯ ᠨᠢ ᠬᠦᠷᠦᠯᠴᠡᠬᠦᠶᠢᠴᠡ ᠪᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2019-06-21
      ᠬᠥᠬᠦᠭᠦᠯ ᠤᠨ ᠬᠤᠭᠤᠴᠠᠭᠠᠨ ᠳᠤ ᠰᠢᠮ᠎ᠡ ᠲᠡᠵᠢᠭᠡᠯ ᠭᠦᠢᠴᠡᠳ ᠪᠤᠰᠤ ᠪᠣᠯ ᠬᠤᠨᠢᠨ ᠤ ᠪᠡᠶ᠎ᠡ ᠶᠢᠨ ᠬᠦᠨᠳᠦ ᠪᠣᠯᠣᠨ ᠪᠡᠶ᠎ᠡ ᠶᠢᠨ ᠥᠨᠳᠦᠷ ᠢ ᠨᠥᠯᠥᠭᠡᠯᠡᠵᠦ᠂ ᠪᠤᠯᠴᠢᠩ ᠮᠢᠬ᠎ᠠ ᠨᠢ ᠰᠤᠯᠠᠪᠲᠤᠷ ᠪᠣᠯᠣᠨ᠎ᠠ᠃ ᠰᠦᠨ ᠠᠴᠠ ᠰᠠᠯᠭᠠᠭᠰᠠᠨ ᠤ ᠰᠡᠭᠦᠯᠡᠷ ᠰᠢᠮ᠎ᠡ ᠲᠡᠵᠢᠭᠡᠯ ᠳᠤᠲᠠᠭᠳᠠᠪᠠᠯ ᠴᠡᠭᠡᠵᠢ ᠨᠢ ᠢᠪᠴᠤᠤ ᠪᠥᠭᠡᠳ ᠭᠦᠢᠬᠡᠨ ᠪᠣᠯᠳᠠᠭ᠃ ᠬᠥᠬᠦᠭᠦᠯ ᠤᠨ ᠬᠤᠭᠤᠴᠠᠭᠠᠨ ᠤ 2 - 4 ᠰᠠᠷ᠎ᠠ ᠳᠤ ᠡᠳᠦᠷ ᠪᠦᠷᠢ 105-110g ᠤᠭᠤᠷᠠᠭ ᠱᠠᠭᠠᠷᠳᠠᠵᠤ᠂ 5-6 ᠰᠠᠷ᠎ᠠ ᠳᠣᠲᠣᠷ᠎ᠠ ᠡᠳᠦᠷ ᠪᠦᠷᠢ 135-160g ᠤᠭᠤᠷᠠᠭ ᠬᠡᠷᠡᠭᠰᠡᠳᠡᠭ᠃      ᠪᠣᠶᠢᠵᠢᠯᠲᠠ ᠶᠢᠨ ᠬᠤᠭᠤᠴᠠᠭᠠᠨ ᠳᠤ ᠶᠠᠰᠤ ᠤᠷᠭᠤᠵᠤ ᠪᠠᠶᠢᠬᠤ ᠤᠴᠢᠷ ᠠᠴᠠ ᠺᠠᠯᠼ᠂ ᠹᠣᠰᠹᠣᠷ ᠢ ᠭᠦᠢᠴᠡᠳ ᠬᠠᠩᠭᠠᠬᠤ ᠬᠡᠷᠡᠭᠲᠡᠢ᠃ ᠬᠥᠬᠦᠭᠦᠯ ᠤᠨ ᠬᠤᠭᠤᠴᠠᠭᠠᠨ ᠳᠤ ᠡᠳᠦᠷ ᠪᠦᠷᠢ 4.2 - 4.5g ᠺᠠᠯᠼ᠂ 3.2g ᠹᠣᠰᠹᠣᠷ ᠬᠡᠷᠡᠭᠰᠡᠨ᠎ᠡ᠃ ᠬᠥᠬᠦᠭᠦᠯ ᠠᠴᠠ ᠵᠣᠭᠰᠣᠭᠰᠠᠨ ᠤ ᠰᠡᠭᠦᠯᠡᠷ ᠡᠳᠦᠷ ᠪᠦᠷᠢ 5.0-6.5g ᠺᠠᠯᠼ᠂ 3.2-3.6gᠹᠣᠰᠹᠣᠷ ᠬᠡᠷᠡᠭᠰᠡᠨ᠎ᠡ᠃ ᠪᠣᠶᠢᠵᠢᠯᠲᠠ ᠶᠢᠨ ᠱᠠᠲᠤᠨ ᠳᠤ ᠸᠢᠲ᠋ᠠᠮᠢᠨ A᠂ ᠸᠢᠲ᠋ᠠᠮᠢᠨ D ᠪᠠᠰᠠ ᠳᠤᠲᠠᠭᠳᠠᠵᠤ ᠪᠣᠯᠬᠤ ᠦᠭᠡᠢ᠂ ᠸᠢᠲ᠋ᠠᠮᠢᠨ A ᠳᠤᠲᠠᠭᠳᠠᠪᠠᠯ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠨᠢ ᠳᠣᠷᠣᠶᠢᠲᠠᠬᠤ᠂ ᠠᠷᠠᠰᠤ ᠨᠢ ᠡᠪᠡᠷᠰᠢᠵᠦ ᠬᠠᠲᠠᠭᠤᠷᠠᠬᠤ᠂  ᠪᠡᠯᠭᠡ ᠶᠢᠨ ᠴᠢᠳᠠᠪᠤᠷᠢ ᠨᠢ ᠮᠠᠭᠤᠳᠠᠬᠤ ᠦᠵᠡᠭᠳᠡᠯ ᠲᠠᠢ᠃ ᠸᠢᠲ᠋ᠠᠮᠢᠨ D ᠨᠢ ᠬᠤᠨᠢᠨ ᠤ ᠥᠰᠥᠯᠲᠡ ᠶᠢ ᠠᠬᠢᠭᠤᠯᠵᠤ᠂ ᠶᠠᠰᠤ ᠵᠥᠭᠡᠯᠡᠷᠡᠬᠦ ᠡᠪᠡᠳᠴᠢᠨ ᠠᠴᠠ ᠰᠡᠷᠭᠡᠶᠢᠯᠡᠨ᠎ᠡ᠃ᠨᠠᠢᠮᠠᠨ ᠬᠤᠰᠢᠭᠤᠨ ᠤ ᡁᠢ ᠠᠨ ᠪᠠᠯᠭᠠᠰᠤᠨ ᠤ ᠲᠠᠷᠢᠶᠠᠯᠠᠩ ᠤᠨ ᠦᠢᠯᠡᠴᠢᠯᠡᠭᠡᠨ ᠤ ᠲᠥᠪ ᠤᠨ ᠡᠤ ᠢᠦᠢ ᠷᠦᠩ ᠤᠨ  ︽ᠬᠤᠨᠢᠨ ᠤ ᠲᠡᠵᠢᠭᠡᠯᠭᠡ ᠶᠢᠨ ᠡᠯ᠎ᠡ ᠹᠢᠽᠢᠣᠯᠣᠭᠢ ᠶᠢᠨ ᠬᠤᠭᠤᠴᠠᠭᠠᠨ ᠳᠤ ᠱᠠᠭᠠᠷᠳᠠᠭᠳᠠᠬᠤ ᠰᠢᠮ᠎ᠡ ᠲᠡᠵᠢᠭᠡᠯ ᠤᠨ ᠲᠤᠬᠠᠢ︾  ᠠᠴᠠ
 
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号