︽ᠮᠤᠩᠭᠤᠯ ᠤᠷᠠᠨ ᠵᠤᠬᠢᠶᠠᠯ ᠤᠨ ᠳᠡᠭᠡᠵᠢ︾ ᠴᠤᠪᠤᠷᠠᠯ ᠨᠤᠮ ᠢ ᠠᠩᠬ᠎ᠠ ᠲᠠᠷᠬᠠᠭᠠᠪᠠ
ᠨᠡᠶᠢᠲᠡᠯᠡᠭᠰᠡᠨ ᠴᠠᠭ᠄
2019-06-24
     ᠰᠢᠨᠬᠤᠧᠠ ᠮᠣᠩᠭᠤᠯ ᠨᠧᠲ 6 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠲᠡᠭᠡ ︵ᠬ᠊᠂ ᠦᠵᠡᠰᠭᠦᠯᠡᠩ ᠂ ᠴᠡᠯᠮᠡᠭ︶ 22 ᠤᠨ ᠡᠲᠦᠷ ᠤᠨ ᠦᠳᠡ ᠠᠴᠠ ᠡᠮᠦᠨ᠎ᠡ᠂ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠨᠠᠶᠢᠷᠠᠭᠤᠯᠵᠤ ᠬᠡᠪᠯᠡᠬᠦᠯᠦᠭᠰᠡᠨ ︽ᠮᠤᠩᠭᠤᠯ ᠤᠷᠡᠠ ᠵᠤᠬᠢᠶᠠᠯ ᠤᠨ ᠳᠡᠭᠡᠵᠢ︾ ᠴᠤᠪᠤᠷᠠᠯ ᠨᠤᠮ ᠢ ᠠᠩᠬᠠᠯᠠᠨ ᠲᠠᠷᠬᠠᠭᠠᠬᠤ ᠵᠢᠴᠢ ᠰᠤᠳᠤᠯᠤᠨ ᠶᠠᠷᠢᠯᠴᠠᠬᠤ ᠬᠤᠷᠠᠯ ᠬᠦᠬᠡᠬᠤᠲᠡ ᠳᠤ ᠪᠤᠯᠪᠠ᠃
     ︽ᠮᠤᠩᠭᠤᠯ ᠤᠷᠠᠨ ᠵᠤᠬᠢᠶᠠᠯ ᠤᠨ ᠳᠡᠭᠡᠵᠢ︾ ᠴᠤᠪᠤᠷᠠᠯ ᠨᠤᠮ ᠨᠢ ᠮᠤᠩᠬᠤᠯᠴᠤᠳ ᠤᠨ ᠡᠷᠲᠡᠨ ᠠᠴᠠ ᠡᠲᠦᠭᠡ ᠬᠦᠷᠲᠡᠯᠡᠬᠢ ᠤᠷᠠᠨ ᠵᠤᠬᠢᠶᠠᠯ ᠤᠨ ᠪᠦᠲᠦᠭᠡᠯ ᠢ ᠬᠠᠮᠤᠷᠤᠭᠰᠠᠨ︔ ᠲᠤᠮᠲᠠᠲᠤ ᠮᠣᠩᠭᠤᠯ ᠤᠷᠤᠰ ᠲᠤ ᠠᠮᠢᠲᠤᠷᠠᠵᠤ ᠪᠠᠶᠢᠭ᠎ᠠ ᠮᠣᠩᠭᠤᠯ ᠦᠨᠳᠦᠰᠦᠲᠡᠨ ᠤ ᠡᠷᠲᠡᠨ ᠤ ᠪᠢᠴᠢᠭ ᠤᠨ ᠪᠤᠯᠤᠨ ᠠᠮᠠᠨ ᠵᠤᠬᠢᠶᠠᠯ ᠤᠨ ᠰᠢᠯᠢᠲᠡᠭ ᠪᠦᠲᠦᠭᠡᠯ ᠢ ᠪᠠᠭᠲᠠᠭᠠᠭᠰᠠᠨ︔ ᠲᠠᠯᠠᠢ ᠶᠡᠭᠡ ᠪᠢᠴᠢᠭ ᠤᠨ ᠪᠤᠯᠤᠨ ᠠᠮᠠᠨ ᠵᠤᠬᠢᠶᠠᠯ ᠠᠴᠠ ᠰᠢᠭᠰᠢᠨ ᠰᠤᠩᠬᠤᠵᠤ ᠪᠦᠲᠦᠭᠡᠭᠰᠡᠨ ᠲᠤᠮᠤᠭ ᠦᠯᠢᠭᠡᠷ᠂ ᠢᠷᠦᠭᠡᠯ ᠮᠠᠭᠲᠠᠭᠠᠯ᠂ ᠪᠠᠭᠠᠲᠤᠷᠯᠢᠭ ᠲᠤᠤᠯᠢ᠂ ᠬᠤᠭᠤᠷ ᠤᠨ ᠦᠯᠢᠭᠡᠷ᠂ ᠠᠷᠠᠳ ᠤᠨ ᠲᠠᠭᠤᠤ᠂ ᠰᠢᠯᠦᠭ ᠨᠠᠶᠢᠷᠠᠭᠤᠯᠤᠯ ᠵᠡᠷᠭᠡ ᠶᠢ ᠪᠠᠭᠲᠠᠭᠠᠭᠰᠠᠨ 2500 ᠲᠦᠮᠡ ᠤᠷᠴᠢᠮ ᠦᠰᠦᠭ ᠲᠠᠢ 20 ᠪᠤᠳᠢ ᠨᠤᠮ ᠪᠠᠶᠢᠭ᠎ᠠ ᠶᠤᠮ᠃      ᠡᠨᠡ ᠬᠦ ᠨᠤᠮ ᠨᠢ ᠤᠯᠤᠰ ᠤᠨ ᠬᠡᠪᠯᠡᠯ ᠤᠨ ᠰᠠᠭᠤᠷᠢ ᠮᠦᠩᠭᠦ ᠶᠢᠨ ᠲᠤᠮᠤ ᠲᠦᠰᠦᠯ ᠤᠨ ᠲᠡᠮᠵᠢᠯᠭᠡ ᠪᠠᠷ ᠲᠤᠮᠲᠠᠲᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠰᠢᠨ᠎ᠡ ᠶᠢ ᠪᠦᠲᠦᠭᠡᠬᠦ ᠢᠨᠵᠧᠨᠧᠷᠢᠩ ᠤᠨ ᠤᠤᠯ ᠤᠨ ᠰᠤᠲᠤᠯᠤᠭᠴᠢ᠂ ᠳ᠋ᠤᠺᠲ᠋ᠤᠷ᠂ ᠫᠷᠤᠹᠧᠰᠰᠤᠷ ᠰᠡᠴᠡᠨᠮᠦ᠋ᠩᠬᠡ ᠪᠠᠷ ᠠᠬᠠᠯᠠᠭᠤᠯᠤᠭᠰᠠᠨ ᠪᠠᠭ ᠤᠨ ᠬᠠᠮᠲᠤ ᠤᠯᠠᠨ ᠨᠠᠶᠢᠷᠠᠭᠤᠯᠤᠨ ᠡᠮᠬᠢᠳᠭᠡᠭᠰᠡᠨ ᠪᠠᠶᠢᠲᠠᠭ᠃ ︽ᠮᠤᠩᠭᠤᠯ ᠤᠷᠠᠨ ᠵᠤᠬᠢᠶᠠᠯ ᠤᠨ ᠳᠡᠭᠡᠵᠢ︾ 20 ᠪᠤᠳᠢ ᠨᠤᠮ ᠪᠤᠯ ᠮᠤᠩᠬᠤᠯᠴᠤᠳ ᠤᠨ ᠡᠷᠲᠡᠨ ᠡᠲᠦᠭᠡᠬᠢ ᠠᠮᠠᠨ ᠪᠤᠯᠤᠨ ᠪᠢᠴᠢᠭ ᠤᠨ ᠤᠷᠠᠨ ᠵᠤᠬᠢᠶᠠᠯ ᠤᠨ ᠲᠠᠯᠠᠢ ᠶᠡᠭᠡ ᠪᠦᠲᠦᠭᠡᠯ ᠠᠴᠠ ᠰᠢᠭᠰᠢᠨ ᠰᠤᠩᠬᠤᠵᠤ᠂ ᠡᠮᠬᠢᠯᠡᠨ ᠨᠢᠭᠡᠳᠭᠡᠵᠦ᠂ ᠤᠷᠠᠨ ᠵᠤᠬᠢᠶᠠᠯ ᠤᠨ ᠲᠦᠷᠦᠯ ᠢᠶᠠᠷ ᠠᠩᠭᠢᠯᠠᠵᠤ ᠪᠤᠳᠢᠴᠢᠯᠠᠨ ᠬᠡᠪᠯᠡᠬᠦᠯᠵᠦ ᠪᠠᠶᠢᠭ᠎ᠠ ᠲᠤᠮᠤᠬᠠᠨ ᠪᠦᠲᠦᠭᠡᠯ ᠪᠤᠯᠤᠨ᠎ᠠ᠃ 2009 ᠤᠨ ᠳᠤ ᠲᠦᠰᠦᠯ ᠪᠤᠯᠪᠠᠰᠤᠷᠠᠭᠤᠯᠵᠤ ᠲᠡᠭᠦᠨ ᠠᠴᠠ ᠨᠠᠭᠠᠰᠢᠬᠢ 8 ᠵᠢᠯ ᠰᠢᠬᠠᠭᠤ ᠶᠢᠨ ᠬᠠᠲᠠᠭᠤᠵᠢᠯᠲᠠᠢ ᠴᠢᠷᠮᠠᠶᠢᠯᠭ᠎ᠠ᠂ ᠨᠤᠮ ᠤᠨ ᠬᠠᠨᠢᠲᠠᠳ ᠤᠨ ᠰᠢᠷᠭᠠᠭᠤ ᠬᠦᠲᠡᠯᠮᠦᠷᠢ ᠪᠤᠯᠤᠨ ᠬᠠᠯᠠᠭᠤᠨ ᠲᠡᠮᠵᠢᠯᠭᠡ ᠵᠢᠴᠢ ᠤᠯᠤᠰ ᠤᠨ ᠬᠡᠪᠯᠡᠯ ᠤᠨ ᠰᠠᠭᠤᠷᠢ ᠮᠦᠩᠭᠦᠨ ᠤ ᠲᠤᠰᠠᠯᠠᠮᠵᠢ ᠪᠠᠷ ᠪᠦᠲᠦᠭᠡᠨ ᠬᠡᠪᠯᠡᠬᠦᠯᠵᠦ ᠪᠠᠶᠢᠭ᠎ᠠ ᠮᠣᠩᠭᠤᠯ ᠤᠷᠠᠨ ᠵᠤᠬᠢᠶᠠᠯ ᠤᠨ ᠶᠡᠭᠡ ᠬᠦᠯᠭᠡᠨ ᠨᠤᠮ ᠪᠤᠯᠬᠤ ᠶᠤᠮ ᠭᠡᠵᠦ ᠲᠤᠰ ᠨᠤᠮ ᠤᠨ ᠭᠤᠤᠯ ᠨᠠᠶᠢᠷᠠᠭᠤᠯᠤᠭᠴᠢ ᠰᠡᠴᠡᠨᠮᠦ᠋ᠩᠬᠡ ᠶᠠᠷᠢᠨ᠎ᠠ᠃      ︽ᠮᠤᠩᠭᠤᠯ ᠤᠷᠠᠨ ᠵᠤᠬᠢᠶᠠᠯ ᠤᠨ ᠳᠡᠭᠡᠵᠢ︾ ᠴᠤᠪᠤᠷᠠᠯ ᠨᠤᠮ ᠢ ᠨᠠᠶᠢᠷᠠᠭᠤᠯᠵᠤ ᠬᠡᠪᠯᠡᠬᠦᠯᠦᠭᠰᠡᠨ ᠨᠢ ᠮᠣᠩᠭᠤᠯ ᠤᠷᠠᠨ ᠵᠤᠬᠢᠶᠠᠯ ᠤᠨ ᠲᠡᠦᠬᠡ ᠪᠤᠯᠤᠨ ᠮᠣᠩᠭᠤᠯ ᠬᠡᠪᠯᠡᠯ ᠤᠨ ᠲᠡᠦᠬᠡᠨ ᠳᠤ ᠴᠢᠬᠤᠯᠠ ᠠᠴᠢ ᠬᠤᠯᠪᠤᠭᠲᠠᠯ ᠲᠠᠢ᠃
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号