ᠰᠢᠨᠬᠤᠧᠠ ᠮᠣᠩᠭᠤᠯ ᠨᠧᠲ 6 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠲᠡᠭᠡ ︵ᠬ᠊᠂ ᠦᠵᠡᠰᠭᠦᠯᠡᠩ᠂ ᠴᠡᠯᠮᠡᠭ︶ 22 ᠤᠨ ᠡᠲᠦᠷ ᠤᠨ | ᠦᠳᠡ ᠠᠴᠠ ᠡᠮᠦᠨ᠎ᠡ᠂ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠨᠠᠶᠢᠷᠠᠭᠤᠯᠵᠤ ᠬᠡᠪᠯᠡᠬᠦᠯᠦᠭᠰᠡᠨ ︽ᠮᠤᠩᠭᠤᠯ ᠤᠷᠡᠠ ᠵᠤᠬᠢᠶᠠᠯ ᠤᠨ | ᠳᠡᠭᠡᠵᠢ︾ ᠴᠤᠪᠤᠷᠠᠯ ᠨᠤᠮ ᠢ ᠠᠩᠬᠠᠯᠠᠨ ᠲᠠᠷᠬᠠᠭᠠᠬᠤ ᠵᠢᠴᠢ ᠰᠤᠳᠤᠯᠤᠨ ᠶᠠᠷᠢᠯᠴᠠᠬᠤ ᠬᠤᠷᠠᠯ ᠬᠦᠬᠡᠬᠤᠲᠡ ᠳᠤ ᠪᠤᠯᠪᠠ᠃ | | | | ︽ᠮᠤᠩᠭᠤᠯ ᠤᠷᠠᠨ ᠵᠤᠬᠢᠶᠠᠯ ᠤᠨ ᠳᠡᠭᠡᠵᠢ︾ ᠴᠤᠪᠤᠷᠠᠯ ᠨᠤᠮ ᠨᠢ ᠮᠤᠩᠬᠤᠯᠴᠤᠳ ᠤᠨ ᠡᠷᠲᠡᠨ ᠠᠴᠠ ᠡᠲᠦᠭᠡ ᠬᠦᠷᠲᠡᠯᠡᠬᠢ ᠤᠷᠠᠨ ᠵᠤᠬᠢᠶᠠᠯ ᠤᠨ | ᠪᠦᠲᠦᠭᠡᠯ ᠢ ᠬᠠᠮᠤᠷᠤᠭᠰᠠᠨ︔ ᠲᠤᠮᠲᠠᠲᠤ ᠮᠣᠩᠭᠤᠯ ᠤᠷᠤᠰ ᠲᠤ ᠠᠮᠢᠲᠤᠷᠠᠵᠤ ᠪᠠᠶᠢᠭ᠎ᠠ ᠮᠣᠩᠭᠤᠯ ᠦᠨᠳᠦᠰᠦᠲᠡᠨ ᠤ ᠡᠷᠲᠡᠨ ᠤ ᠪᠢᠴᠢᠭ ᠤᠨ ᠪᠤᠯᠤᠨ ᠠᠮᠠᠨ | ᠵᠤᠬᠢᠶᠠᠯ ᠤᠨ ᠰᠢᠯᠢᠲᠡᠭ ᠪᠦᠲᠦᠭᠡᠯ ᠢ ᠪᠠᠭᠲᠠᠭᠠᠭᠰᠠᠨ︔ ᠲᠠᠯᠠᠢ ᠶᠡᠭᠡ ᠪᠢᠴᠢᠭ ᠤᠨ ᠪᠤᠯᠤᠨ ᠠᠮᠠᠨ ᠵᠤᠬᠢᠶᠠᠯ ᠠᠴᠠ ᠰᠢᠭᠰᠢᠨ ᠰᠤᠩᠬᠤᠵᠤ ᠪᠦᠲᠦᠭᠡᠭᠰᠡᠨ ᠲᠤᠮᠤᠭ | ᠦᠯᠢᠭᠡᠷ᠂ ᠢᠷᠦᠭᠡᠯ ᠮᠠᠭᠲᠠᠭᠠᠯ᠂ ᠪᠠᠭᠠᠲᠤᠷᠯᠢᠭ ᠲᠤᠤᠯᠢ᠂ ᠬᠤᠭᠤᠷ ᠤᠨ ᠦᠯᠢᠭᠡᠷ᠂ ᠠᠷᠠᠳ ᠤᠨ ᠲᠠᠭᠤᠤ᠂ ᠰᠢᠯᠦᠭ ᠨᠠᠶᠢᠷᠠᠭᠤᠯᠤᠯ ᠵᠡᠷᠭᠡ ᠶᠢ ᠪᠠᠭᠲᠠᠭᠠᠭᠰᠠᠨ | 2500 ᠲᠦᠮᠡ ᠤᠷᠴᠢᠮ ᠦᠰᠦᠭ ᠲᠠᠢ 20 ᠪᠤᠳᠢ ᠨᠤᠮ ᠪᠠᠶᠢᠭ᠎ᠠ ᠶᠤᠮ᠃ | ᠡᠨᠡ ᠬᠦ ᠨᠤᠮ ᠨᠢ ᠤᠯᠤᠰ ᠤᠨ ᠬᠡᠪᠯᠡᠯ ᠤᠨ ᠰᠠᠭᠤᠷᠢ ᠮᠦᠩᠭᠦ ᠶᠢᠨ ᠲᠤᠮᠤ ᠲᠦᠰᠦᠯ ᠤᠨ ᠲᠡᠮᠵᠢᠯᠭᠡ ᠪᠠᠷ ᠲᠤᠮᠲᠠᠲᠤ ᠤᠯᠤᠰ ᠤᠨ ᠨᠡᠶᠢᠭᠡᠮ ᠤᠨ | ᠰᠢᠨᠵᠢᠯᠡᠬᠦ ᠤᠬᠠᠭᠠᠨ ᠤ ᠠᠺᠠᠳᠧᠮᠢ ᠶᠢᠨ ᠰᠢᠨ᠎ᠡ ᠶᠢ ᠪᠦᠲᠦᠭᠡᠬᠦ ᠢᠨᠵᠧᠨᠧᠷᠢᠩ ᠤᠨ ᠤᠤᠯ ᠤᠨ ᠰᠤᠲᠤᠯᠤᠭᠴᠢ᠂ ᠳ᠋ᠤᠺᠲ᠋ᠤᠷ᠂ ᠫᠷᠤᠹᠧᠰᠰᠤᠷ ᠰᠡᠴᠡᠨᠮᠦ᠋ᠩᠬᠡ ᠪᠠᠷ | ᠠᠬᠠᠯᠠᠭᠤᠯᠤᠭᠰᠠᠨ ᠪᠠᠭ ᠤᠨ ᠬᠠᠮᠲᠤ ᠤᠯᠠᠨ ᠨᠠᠶᠢᠷᠠᠭᠤᠯᠤᠨ ᠡᠮᠬᠢᠳᠭᠡᠭᠰᠡᠨ ᠪᠠᠶᠢᠲᠠᠭ᠃ ︽ᠮᠤᠩᠭᠤᠯ ᠤᠷᠠᠨ ᠵᠤᠬᠢᠶᠠᠯ ᠤᠨ ᠳᠡᠭᠡᠵᠢ︾ 20 ᠪᠤᠳᠢ ᠨᠤᠮ ᠪᠤᠯ | ᠮᠤᠩᠬᠤᠯᠴᠤᠳ ᠤᠨ ᠡᠷᠲᠡᠨ ᠡᠲᠦᠭᠡᠬᠢ ᠠᠮᠠᠨ ᠪᠤᠯᠤᠨ ᠪᠢᠴᠢᠭ ᠤᠨ ᠤᠷᠠᠨ ᠵᠤᠬᠢᠶᠠᠯ ᠤᠨ ᠲᠠᠯᠠᠢ ᠶᠡᠭᠡ ᠪᠦᠲᠦᠭᠡᠯ ᠠᠴᠠ ᠰᠢᠭᠰᠢᠨ ᠰᠤᠩᠬᠤᠵᠤ᠂ ᠡᠮᠬᠢᠯᠡᠨ | ᠨᠢᠭᠡᠳᠭᠡᠵᠦ᠂ ᠤᠷᠠᠨ ᠵᠤᠬᠢᠶᠠᠯ ᠤᠨ ᠲᠦᠷᠦᠯ ᠢᠶᠠᠷ ᠠᠩᠭᠢᠯᠠᠵᠤ ᠪᠤᠳᠢᠴᠢᠯᠠᠨ ᠬᠡᠪᠯᠡᠬᠦᠯᠵᠦ ᠪᠠᠶᠢᠭ᠎ᠠ ᠲᠤᠮᠤᠬᠠᠨ ᠪᠦᠲᠦᠭᠡᠯ ᠪᠤᠯᠤᠨ᠎ᠠ᠃ 2009 ᠤᠨ ᠳᠤ | ᠲᠦᠰᠦᠯ ᠪᠤᠯᠪᠠᠰᠤᠷᠠᠭᠤᠯᠵᠤ ᠲᠡᠭᠦᠨ ᠠᠴᠠ ᠨᠠᠭᠠᠰᠢᠬᠢ 8 ᠵᠢᠯ ᠰᠢᠬᠠᠭᠤ ᠶᠢᠨ ᠬᠠᠲᠠᠭᠤᠵᠢᠯᠲᠠᠢ ᠴᠢᠷᠮᠠᠶᠢᠯᠭ᠎ᠠ᠂ ᠨᠤᠮ ᠤᠨ ᠬᠠᠨᠢᠲᠠᠳ ᠤᠨ ᠰᠢᠷᠭᠠᠭᠤ | ᠬᠦᠲᠡᠯᠮᠦᠷᠢ ᠪᠤᠯᠤᠨ ᠬᠠᠯᠠᠭᠤᠨ ᠲᠡᠮᠵᠢᠯᠭᠡ ᠵᠢᠴᠢ ᠤᠯᠤᠰ ᠤᠨ ᠬᠡᠪᠯᠡᠯ ᠤᠨ ᠰᠠᠭᠤᠷᠢ ᠮᠦᠩᠭᠦᠨ ᠤ ᠲᠤᠰᠠᠯᠠᠮᠵᠢ ᠪᠠᠷ ᠪᠦᠲᠦᠭᠡᠨ ᠬᠡᠪᠯᠡᠬᠦᠯᠵᠦ ᠪᠠᠶᠢᠭ᠎ᠠ ᠮᠣᠩᠭᠤᠯ | ᠤᠷᠠᠨ ᠵᠤᠬᠢᠶᠠᠯ ᠤᠨ ᠶᠡᠭᠡ ᠬᠦᠯᠭᠡᠨ ᠨᠤᠮ ᠪᠤᠯᠬᠤ ᠶᠤᠮ ᠭᠡᠵᠦ ᠲᠤᠰ ᠨᠤᠮ ᠤᠨ ᠭᠤᠤᠯ ᠨᠠᠶᠢᠷᠠᠭᠤᠯᠤᠭᠴᠢ ᠰᠡᠴᠡᠨᠮᠦ᠋ᠩᠬᠡ ᠶᠠᠷᠢᠨ᠎ᠠ᠃ | ︽ᠮᠤᠩᠭᠤᠯ ᠤᠷᠠᠨ ᠵᠤᠬᠢᠶᠠᠯ ᠤᠨ ᠳᠡᠭᠡᠵᠢ︾ ᠴᠤᠪᠤᠷᠠᠯ ᠨᠤᠮ ᠢ ᠨᠠᠶᠢᠷᠠᠭᠤᠯᠵᠤ ᠬᠡᠪᠯᠡᠬᠦᠯᠦᠭᠰᠡᠨ ᠨᠢ ᠮᠣᠩᠭᠤᠯ ᠤᠷᠠᠨ ᠵᠤᠬᠢᠶᠠᠯ ᠤᠨ ᠲᠡᠦᠬᠡ ᠪᠤᠯᠤᠨ | ᠮᠣᠩᠭᠤᠯ ᠬᠡᠪᠯᠡᠯ ᠤᠨ ᠲᠡᠦᠬᠡᠨ ᠳᠤ ᠴᠢᠬᠤᠯᠠ ᠠᠴᠢ ᠬᠤᠯᠪᠤᠭᠲᠠᠯ ᠲᠠᠢ᠃ |