ᠪᠦᠬᠦ ᠠᠷᠠᠳ ᠤᠨ ᠡᠨᠧᠷᠭᠢ ᠠᠷᠪᠢᠯᠠᠬᠤ ᠳᠤᠤᠷ᠎ᠠ ᠨᠡᠭᠦᠷᠡᠰᠦᠲᠥ᠋ᠷᠥᠭᠴᠢᠲᠦ ᠤᠬᠠᠭᠤᠯᠭ᠎ᠠ ᠬᠦᠮᠦᠵᠢᠯ ᠢ | ᠭᠦᠨᠵᠡᠭᠡᠢ ᠥᠷᠨᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠨᠡᠶᠢᠭᠡᠮ ᠤᠨ ᠬᠡᠪ ᠰᠤᠷᠲᠠᠯ ᠢ ᠶᠡᠬᠡᠪᠡᠷ | ᠰᠠᠨᠠᠭᠠᠴᠢᠯᠠᠵᠣ᠂ ᠪᠦᠬᠦ ᠨᠡᠶᠢᠭᠡᠮ ᠤᠨ ᠡᠨᠧᠷᠭᠢ ᠠᠷᠪᠢᠯᠠᠵᠣ ᠨᠡᠭᠦᠷᠡᠰᠦᠲᠥ᠋ᠷᠥᠭᠴᠢ ᠪᠠᠭᠠᠰᠬᠠᠬᠤ ᠠᠭᠤᠷ ᠠᠮᠢᠰᠬᠤᠯ ᠢ | ᠪᠣᠢ ᠪᠣᠯᠭᠠᠵᠣ᠂ ᠪᠣᠯᠪᠠᠰᠣᠨ᠂ ᠠᠷᠪᠢᠴᠢ ᠭᠠᠮᠲᠠᠢ᠂ ᠪᠣᠬᠢᠷᠳᠣᠯ ᠦᠭᠡᠢ᠂ ᠳᠣᠣᠷ᠎ᠠ ᠨᠡᠭᠦᠷᠡᠰᠦᠲᠦᠷᠦᠭᠴᠢᠲᠦ | ᠬᠡᠷᠡᠭᠯᠡᠭᠡᠨ ᠤ ᠵᠠᠭᠪᠣᠷ ᠪᠣᠯᠣᠨ ᠠᠮᠢᠳᠣᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠬᠦ ᠶᠢᠨ ᠳᠣᠰᠠᠳᠠ᠂ 6 ᠳ᠋ᠤᠭᠠᠷ | ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠱᠧᠩ ᠯᠧ ᠪᠠᠢ ᠲᠢᠩ ᠶᠣᠸᠠᠨ | ᠴᠡᠴᠡᠷᠯᠢᠭ ᠤᠨ ᠡᠭᠦᠳᠡᠨ ᠡᠮᠦᠨᠡᠬᠢ ᠬᠦᠮᠦᠰ ᠤᠯᠠᠨ ᠴᠣᠭᠯᠠᠷᠠᠳᠠᠭ ᠲᠠᠯᠠᠪᠣᠷ ᠲᠤ ︽ᠪᠣᠬᠢᠷᠳᠣᠯ ᠦᠭᠡᠢ | ᠬᠦᠭᠵᠢᠯᠲᠡ ᠶᠢᠨ ᠣᠷᠢᠳᠠᠯ — ᠡᠨᠧᠷᠭᠢ ᠠᠷᠪᠢᠯᠠᠬᠤ︾ ᠪᠠᠷ ᠭᠤᠣᠯ ᠰᠡᠳᠦᠪ ᠪᠣᠯᠭᠠᠭᠰᠠᠨ ᠡᠨᠧᠷᠭᠢ ᠠᠷᠪᠢᠯᠠᠬᠤ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠣᠯᠣᠨ ︽ᠳᠣᠣᠷ᠎ᠠ ᠨᠡᠭᠦᠷᠡᠰᠦᠲᠦᠷᠦᠭᠴᠢᠲᠦ ᠠᠵᠢᠯᠯᠠᠭ᠎ᠠ ᠪᠠᠷ ᠬᠥᠬᠡ | ᠣᠭᠲᠠᠷᠭᠤᠢ ᠪᠠᠨ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠳᠣᠣᠷ᠎ᠠ ᠨᠡᠭᠦᠷᠡᠰᠦᠲᠦᠷᠦᠭᠴᠢᠲᠦ ᠡᠳᠦᠷ ᠤᠨ | ᠠᠵᠢᠯᠯᠠᠭ᠎ᠠ ᠶᠢ ᠡᠬᠢᠯᠡᠭᠦᠯᠪᠡ᠃ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠦᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠣᠷᠭᠠᠨ ᠬᠦᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠠᠵᠣ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ᠂ | ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠪᠣᠯᠣᠨ ᠡᠯ᠎ᠡ | ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠳ | ᠵᠢᠴᠢ ᠡᠯ᠎ᠡ ᠬᠠᠮᠢᠶ᠎ᠠ ᠪᠦᠬᠦᠢ ᠠᠵᠣ ᠠᠬᠤᠶᠢᠯᠠᠯ ᠤᠨ ᠲᠦᠯᠦᠭᠡᠯᠡᠭᠴᠢ ᠲᠣᠰ ᠣᠳᠠᠭᠠᠨ ᠤ ᠠᠵᠢᠯᠯᠠᠭ᠎ᠠ ᠳᠤ | ᠣᠷᠣᠯᠴᠠᠪᠠ᠂ ᠡᠨᠡ ᠨᠢ 2019 ᠣᠨ ᠤ ᠬᠤᠷᠢᠨᠭᠡᠷ ᠰᠢᠶᠠᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ | ᠪᠣᠯᠣᠨ ᠪᠦᠬᠦ ᠣᠯᠣᠰ ᠤᠨ ᠳᠤᠤᠷ᠎ᠠ ᠨᠡᠭᠦᠷᠡᠰᠦᠲᠦᠷᠦᠭᠴᠢᠲᠦ ᠡᠳᠦᠷ ᠤᠨ ᠠᠵᠢᠯᠯᠠᠭ᠎ᠠ ᠡᠬᠢᠯᠡᠭᠦᠯᠦᠭᠰᠡᠨ ᠢ | ᠬᠠᠷᠠᠭᠤᠯᠣᠭᠰᠠᠨ ᠪᠠᠶᠢᠨ᠎ᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠣᠬᠠᠢ ᠶᠢᠨ | ᠲᠠᠯᠠᠪᠠᠢ ᠶᠢᠨ ᠲᠠᠶᠢᠯᠣᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠪᠣᠬᠢᠷᠳᠣᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ | ᠠᠷᠪᠢᠯᠠᠨ ᠭᠠᠮᠨᠠᠬᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠪᠣᠬᠢᠷᠳᠣᠯ | ᠦᠭᠡᠢ ᠠᠮᠢᠳᠣᠷᠠᠯ ᠤᠨ ᠣᠶᠢᠯᠠᠭᠠᠭᠳᠠᠬᠤᠨ ᠤ ᠲᠣᠭᠤᠷᠢᠨ ᠳᠤ ᠲᠥᠪᠯᠡᠷᠡᠭᠦᠯᠦᠨ ᠤᠬᠠᠭᠤᠯᠭ᠎ᠠ ᠬᠢᠪᠡ᠃ ᠠᠵᠢᠯᠯᠠᠭ᠎ᠠ | ᠨᠢ ᠨᠢᠭᠡ ᠭᠠᠷᠠᠭ ᠶᠠᠪᠣᠭᠳᠠᠵᠣ᠂ ᠡᠯ᠎ᠡ ᠪᠠᠶᠢᠭᠤᠯᠭ᠎ᠠ ᠨᠢᠭᠡᠴᠡ ︽ᠬᠤᠷᠢᠨᠭᠡᠷ ᠰᠢᠶᠠᠨ ᠤ 2019 ᠣᠨ ᠤ ᠪᠦᠬᠦ | ᠣᠯᠣᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠣᠯᠣᠨ ᠪᠦᠬᠦ ᠣᠯᠣᠰ ᠤᠨ ᠳᠤᠤᠷ᠎ᠠ | ᠨᠡᠭᠦᠷᠡᠰᠦᠲᠦᠷᠦᠭᠴᠢᠲᠦ ᠡᠳᠦᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ | ᠠᠵᠢᠯ ᠬᠤᠪᠢᠶᠠᠨ ᠨᠢᠭᠲᠠ ᠬᠠᠮᠵᠢᠯᠴᠠᠵᠣ᠂ ᠬᠡᠯᠪᠡᠷᠢ ᠨᠢ ᠤᠯᠠᠨ ᠶᠠᠩᠵᠤ ᠶᠢᠨ᠂ ᠬᠠᠮᠣᠷᠬᠤ ᠬᠡᠪᠴᠢᠶ᠎ᠡ ᠪᠠᠷ ᠥᠷᠭᠡᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠨᠦᠯᠦᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠦᠨ | ᠂ ᠪᠦᠬᠦ ᠨᠡᠶᠢᠭᠡᠮ ᠬᠠᠮᠲᠣᠪᠠᠷ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠤ ᠣᠷᠣᠯᠴᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ | ︽ᠪᠣᠬᠢᠷᠳᠣᠯ ᠦᠭᠡᠢ ᠬᠦᠭᠵᠢᠯᠲᠡ ᠶᠢᠨ ᠣᠷᠢᠳᠠᠯ — ᠡᠨᠧᠷᠭᠢ ᠠᠷᠪᠢᠯᠠᠬᠤ︾ ︽ᠳᠣᠣᠷ᠎ᠠ | ᠨᠡᠭᠦᠷᠡᠰᠦᠲᠦᠷᠦᠭᠴᠢᠲᠦ ᠠᠵᠢᠯᠯᠠᠭ᠎ᠠ ᠪᠠᠷ ᠬᠥᠬᠡ ᠣᠭᠲᠠᠷᠭᠤᠢ ᠪᠠᠨ ᠬᠠᠮᠠᠭᠠᠯᠠᠬᠤ︾ ᠨᠢ ᠥᠷᠭᠡᠨ ᠤᠯᠠᠨ ᠲᠦᠮᠡᠨ ᠳᠤ | ᠡᠷᠡᠭᠦᠯ᠂ ᠪᠣᠯᠪᠠᠰᠣᠨ᠂ ᠠᠷᠪᠢᠯᠠᠨ ᠭᠠᠮᠨᠠᠬᠤ᠂ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠠᠮᠢᠳᠣᠷᠠᠯ ᠤᠨ ᠠᠷᠭ᠎ᠠ | ᠬᠡᠯᠪᠡᠷᠢ᠂ ᠣᠰᠤ ᠠᠮᠤ ᠶᠢ ᠠᠷᠪᠢᠯᠠᠬᠤ ᠰᠠᠶᠢᠨ ᠢᠳᠡᠭᠡᠨ ᠤ ᠳᠠᠳᠬᠠᠯ᠂ ᠳᠣᠣᠷ᠎ᠠ ᠨᠡᠭᠦᠷᠡᠰᠦᠲᠦᠷᠦᠭᠴᠢᠲᠦ ᠠᠯᠪᠠᠨ | ᠠᠵᠢᠯ ᠤᠨ ᠳᠠᠳᠬᠠᠯ ᠪᠣᠯᠣᠨ ᠠᠷᠪᠢᠯᠠᠨ ᠭᠠᠮᠨᠠᠬᠤ ᠪᠣᠯᠪᠠᠰᠣᠨ ᠬᠡᠷᠡᠭᠯᠡᠭᠡᠨ ᠤ ᠣᠶᠢᠯᠠᠭᠠᠭᠳᠠᠬᠤᠨ ᠢ ᠪᠣᠢ ᠪᠣᠯᠭᠠᠬᠤ ᠶᠢ | ᠰᠠᠨᠠᠭᠠᠴᠢᠯᠠᠬᠤ ᠳᠤ ᠪᠣᠢ︔ ᠥᠪᠡᠷ ᠤᠨ ᠪᠡᠶ᠎ᠡ ᠠᠴᠠ ᠭᠠᠷᠲᠠᠵᠣ᠂ ᠪᠠᠭ᠎ᠠ ᠣᠴᠢᠷ ᠠᠴᠠ ᠡᠬᠢᠯᠡᠨ᠂ ᠥᠪᠡᠷ ᠤᠨ | ᠤᠬᠠᠮᠰᠠᠷ ᠠᠴᠠ ᠪᠠᠨ ᠣᠰᠤ ᠴᠠᠬᠢᠯᠭᠠᠨ᠂ ᠴᠠᠭᠠᠰᠣ ᠠᠮᠤ ᠶᠢ ᠠᠷᠪᠢᠯᠠᠵᠣ᠂ ᠳᠤᠮᠳᠠᠳᠤ ᠶᠢᠨ ᠦᠨᠳᠦᠰᠦᠲᠡᠨ ᠤ | ᠠᠷᠪᠢᠯᠠᠨ ᠭᠠᠮᠨᠠᠬᠤ ᠤᠯᠠᠮᠵᠢᠯᠠᠯᠲᠤ ᠰᠣᠷᠲᠠᠯ ᠢ ᠪᠠᠳᠠᠷᠠᠭᠤᠯᠣᠨ᠂ ᠡᠬᠢ ᠪᠠᠶᠠᠯᠢᠭ ᠤᠨ ᠲᠦᠯᠦᠭᠡ ᠰᠠᠨᠠᠭᠠᠰᠢᠷᠠᠬᠤ | ᠤᠬᠠᠮᠰᠠᠷ ᠪᠣᠯᠣᠨ ᠠᠷᠪᠢᠯᠠᠨ ᠭᠠᠮᠨᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ︔ ᠬᠡᠲᠦᠷᠡᠲᠡᠯ᠎ᠡ ᠪᠣᠭᠤᠳᠠᠯᠯᠠᠬᠤ᠂ | ᠪᠦᠷᠢᠯᠭᠡᠨ ᠰᠦᠢᠳᠬᠡᠬᠦ ᠶᠢ ᠬᠤᠷᠢᠭᠯᠠᠵᠣ᠂ ᠪᠦᠬᠦ ᠨᠡᠶᠢᠭᠡᠮ ᠳᠤ ᠠᠷᠪᠢᠯᠠᠨ ᠭᠠᠮᠨᠠᠬᠤ ᠪᠣᠯ ᠢᠷᠠᠭᠤ ᠠᠯᠳᠠᠷ᠂ | ᠪᠦᠷᠢᠯᠭᠡᠨ ᠰᠦᠢᠳᠬᠡᠬᠦ ᠪᠣᠯ ᠢᠴᠢᠭᠦᠷᠢ ᠭᠤᠲᠤᠮᠰᠢᠭ ᠭᠡᠬᠦ ᠬᠡᠪ ᠰᠣᠷᠲᠠᠯ ᠢ ᠪᠦᠷᠢᠯᠳᠦᠭᠦᠯᠬᠦ ᠬᠡᠷᠡᠭᠲᠡᠢ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠵᠤ᠂ ᠥᠷᠭᠡᠨ ᠤᠯᠠᠨ ᠲᠦᠮᠡᠨ ᠳᠤ ᠪᠣᠬᠢᠷᠳᠣᠯ | ᠦᠭᠡᠢ ᠬᠦᠭᠵᠢᠯᠲᠡ᠂ ᠡᠨᠧᠷᠭᠢ ᠠᠷᠪᠢᠯᠠᠬᠤ᠂ ᠳᠣᠣᠷ᠎ᠠ ᠨᠡᠭᠦᠷᠡᠰᠦᠲᠦᠷᠦᠭᠴᠢᠲᠦ ᠠᠵᠢᠯᠯᠠᠭ᠎ᠠ ᠶᠢᠨ ᠴᠢᠬᠤᠯᠠ ᠴᠢᠨᠠᠷ ᠢ | ᠣᠶᠢᠯᠠᠭᠠᠭᠤᠯᠵᠣ ᠮᠡᠳᠡᠭᠦᠯᠦᠭᠰᠡᠨ ᠪᠠᠶᠢᠨ᠎ᠠ᠃ |