ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ 7ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠲᠦᠷᠢᠶᠡᠰᠦᠨ ᠮᠠᠰᠢᠨ ᠤ ᠵᠠᠮ ᠬᠠᠷᠢᠯᠴᠠᠭ᠎ᠠ ᠶᠢᠨ ᠬᠠᠤᠯᠢ ᠳᠦᠷᠢᠮ ᠢ ᠵᠥᠷᠢᠴᠡᠭᠰᠡᠨ ᠡᠮᠬᠢ ᠵᠢᠷᠤᠮ ᠦᠭᠡᠢ ᠪᠠᠶᠢᠳᠠᠯ ᠳᠤ ᠴᠡᠭᠴᠡᠯᠡᠯᠲᠡ ᠬᠢᠨ᠎ᠡ
ᠨᠡᠶᠢᠲᠡᠯᠡᠭᠰᠡᠨ ᠴᠠᠭ᠄
2019-06-25
     ᠥᠴᠥᠭᠡᠳᠦᠷ᠂ ᠬᠤᠲᠠ ᠶᠢᠨ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠠᠴᠠ ᠣᠶᠢᠯᠭᠠᠭᠰᠠᠨ ᠢᠶᠠᠷ᠂ 2019 ᠣᠨ ᠤ 7ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ 2019 ᠣᠨ ᠤ ᠡᠴᠦᠰ ᠬᠦᠷᠲᠡᠯ᠎ᠡ ᠬᠤᠲᠠ ᠶᠢᠨ ᠳᠥᠷᠪᠡᠨ ᠲᠣᠭᠤᠷᠢᠭ ᠲᠤ ᠲᠦᠷᠢᠶᠡᠰᠦᠨ ᠮᠠᠰᠢᠨ ᠤ ᠵᠠᠮ ᠬᠠᠷᠢᠯᠴᠠᠭ᠎ᠠ ᠶᠢᠨ ᠬᠠᠤᠯᠢ ᠳᠦᠷᠢᠮ ᠢ ᠵᠥᠷᠢᠴᠡᠭᠰᠡᠨ ᠡᠮᠬᠢ ᠵᠢᠷᠤᠮ ᠦᠭᠡᠢ ᠪᠠᠶᠢᠳᠠᠯ ᠳᠤ ᠲᠤᠰᠬᠠᠢ ᠴᠡᠭᠴᠡᠯᠡᠯᠲᠡ ᠥᠷᠨᠢᠭᠦᠯᠵᠦ᠂ ᠢᠯᠠᠩᠭᠤᠶ᠎ᠠ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠠᠶᠠᠨᠴᠢᠨ ᠤ ᠮᠠᠰᠢᠨ ᠤ ᠥᠷᠲᠡᠭᠡ᠂ ᠬᠤᠲᠠ ᠬᠥᠳᠡᠭᠡ ᠶᠢᠨ ᠵᠠᠯᠭᠠᠯᠳᠤᠭᠰᠠᠨ ᠭᠠᠵᠠᠷ ᠣᠷᠣᠨ ᠵᠡᠷᠭᠡ ᠲᠦᠷᠢᠶᠡᠰᠦᠨ ᠮᠠᠰᠢᠨ ᠲᠥᠪᠯᠡᠷᠡᠭᠰᠡᠨ ᠣᠷᠣᠨ ᠪᠦᠰᠡ ᠪᠠᠷ ᠲᠦᠷᠢᠶᠡᠰᠦᠨ ᠮᠠᠰᠢᠨ ᠤ ᠵᠠᠮ ᠬᠠᠷᠢᠯᠴᠠᠭ᠎ᠠ ᠶᠢᠨ ᠬᠠᠤᠯᠢ ᠳᠦᠷᠢᠮ ᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭ᠎ᠠ ᠶᠢᠨ ᠡᠮᠬᠢ ᠵᠢᠷᠤᠮ ᠢ ᠬᠠᠮᠤᠭ ᠳᠡᠭᠡᠳᠦ ᠬᠡᠮᠵᠢᠶ᠎ᠡ ᠪᠠᠷ ᠰᠠᠶᠢᠵᠢᠷᠠᠭᠤᠯᠵᠤ᠂ ᠬᠤᠲᠠ ᠶᠢᠨ ᠢᠷᠭᠡᠳ ᠲᠤ ᠠᠶᠤᠯᠭᠦᠢ᠂ ᠡᠮᠬᠢ ᠵᠢᠷᠤᠮ ᠲᠠᠢ᠂ ᠪᠣᠯᠪᠠᠰᠤᠨ᠂ ᠴᠡᠪᠡᠷ ᠲᠣᠬᠢᠯᠢᠭ ᠲᠡᠷᠭᠡᠨ ᠳᠤ ᠰᠠᠭᠤᠬᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃      ᠣᠶᠢᠯᠭᠠᠭᠰᠠᠨ ᠢᠶᠠᠷ᠂ ᠡᠨᠡ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ ᠬᠥᠮᠥᠨ ᠲᠡᠭᠡᠭᠡᠬᠦ ᠡᠵᠡᠩᠨᠡᠯᠲᠡ ᠶᠢᠨ ᠭᠠᠷ ᠭᠦᠢᠴᠡᠳᠬᠡᠯ ᠦᠭᠡᠢ ᠬᠤᠪᠢ ᠶᠢᠨ ᠮᠠᠰᠢᠨ ︵ᠬᠠᠷ᠎ᠠ ᠲᠦᠷᠢᠶᠡᠰᠦᠨ ᠮᠠᠰᠢᠨ︶᠂ ᠲᠦᠷᠢᠶᠡᠰᠦᠨ ᠮᠠᠰᠢᠨ᠂ ᠵᠡᠮᠳᠡᠭ ᠬᠥᠮᠥᠨ ᠤ ᠭᠤᠷᠪᠠᠨ ᠬᠦᠷᠳᠦᠲᠦ ᠮᠠᠰᠢᠨ ᠢᠶᠠᠷ ᠭᠤᠣᠯᠳᠠᠯᠭ᠎ᠠ ᠪᠣᠯᠭᠠᠵᠤ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠠᠶᠠᠨᠴᠢᠨ ᠤ ᠮᠠᠰᠢᠨ ᠤ ᠥᠷᠲᠡᠭᠡ᠂ ᠬᠤᠲᠠ ᠬᠥᠳᠡᠭᠡ ᠶᠢᠨ ᠵᠠᠯᠭᠠᠯᠳᠤᠭᠰᠠᠨ ᠭᠠᠵᠠᠷ ᠣᠷᠣᠨ ᠵᠡᠷᠭᠡ ᠲᠦᠷᠢᠶᠡᠰᠦᠨ ᠮᠠᠰᠢᠨ ᠲᠥᠪᠯᠡᠷᠡᠭᠰᠡᠨ ᠣᠷᠣᠨ ᠪᠦᠰᠡ ᠪᠠ ᠲᠦᠷᠢᠶᠡᠰᠦᠨ ᠮᠠᠰᠢᠨ ᠤ ᠵᠠᠮ ᠬᠠᠷᠢᠯᠴᠠᠭ᠎ᠠ ᠶᠢᠨ ᠬᠠᠤᠯᠢ ᠳᠦᠷᠢᠮ ᠢ ᠵᠥᠷᠢᠴᠡᠭᠰᠡᠨ ᠠᠵᠢᠯᠯᠠᠭ᠎ᠠ ᠣᠯᠠᠨ ᠡᠭᠦᠰᠳᠡᠭ ᠭᠠᠵᠠᠷ ᠣᠷᠣᠨ ᠢ ᠴᠢᠩᠭ᠎ᠠ ᠡᠵᠡᠮᠳᠡᠵᠦ᠂ ᠬᠠᠷ᠎ᠠ ᠲᠦᠷᠢᠶᠡᠰᠦᠨ ᠮᠠᠰᠢᠨ᠂ ᠵᠡᠮᠳᠡᠭ ᠬᠥᠮᠥᠨ ᠤ ᠭᠤᠷᠪᠠᠨ ᠬᠦᠷᠳᠦᠲᠦ ᠮᠠᠰᠢᠨ ᠤ ᠬᠠᠤᠯᠢ ᠪᠤᠰᠤ ᠪᠠᠷ ᠠᠶᠠᠨᠴᠢᠨ ᠲᠡᠭᠡᠭᠡᠬᠦ᠂ ᠲᠦᠷᠢᠶᠡᠰᠦᠨ ᠮᠠᠰᠢᠨ ᠪᠤᠰᠤᠳ ᠤᠨ ᠫᠠᠶᠢᠰᠠ ᠶᠢ ᠡᠯᠭᠦᠬᠦ᠂ ᠬᠤᠳᠠᠯ ᠫᠠᠶᠢᠰᠠ ᠡᠯᠭᠦᠬᠦ᠂ ᠶᠠᠪᠤᠳᠠᠯ ᠳᠤᠮᠳᠠ ᠪᠠᠨ ᠲᠣᠭᠲᠠᠭᠠᠯ ᠢ ᠵᠥᠷᠢᠴᠡᠨ ᠭᠠᠷ ᠤᠲᠠᠰᠤ ᠬᠡᠷᠡᠭᠯᠡᠬᠦ᠂ ᠳᠤᠷ᠎ᠠ ᠪᠠᠷ ᠵᠣᠭᠰᠣᠨ ᠠᠶᠠᠨᠴᠢᠨ ᠲᠡᠭᠡᠭᠡᠬᠦ᠂ ᠳᠤᠷ᠎ᠠ ᠪᠠᠷ ᠵᠠᠮ ᠰᠣᠯᠢᠬᠤ᠂ ᠲᠣᠬᠢᠶᠠᠨ ᠳ᠋ᠧᠩ ᠢ ᠳᠠᠭᠠᠷᠢᠬᠤ᠂ ᠵᠠᠮ ᠭᠡᠲᠦᠯᠬᠦ ᠱᠤᠭᠤᠮ ᠳᠡᠭᠡᠷᠡᠬᠢ ᠬᠥᠮᠥᠨ ᠳᠤ ᠨᠠᠶᠢᠷ ᠲᠠᠯᠪᠢᠬᠤ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂  ᠲᠦᠷᠢᠶᠡᠰᠦᠨ ᠮᠠᠰᠢᠨ ᠤ ᠶᠠᠪᠤᠵᠤ ᠵᠣᠭᠰᠣᠬᠤ ᠡᠮᠬᠢ ᠵᠢᠷᠤᠮ ᠢ ᠪᠦᠬᠦ ᠲᠠᠯ᠎ᠠ ᠪᠠᠷ ᠵᠢᠷᠤᠮᠵᠢᠭᠤᠯᠤᠨ᠂ ᠲᠦᠷᠢᠶᠡᠰᠦᠨ ᠮᠠᠰᠢᠨ ᠤ  ᠵᠢᠯᠣᠭᠤᠴᠢ ᠲᠦᠮᠡᠨ ᠤ ᠰᠠᠬᠢᠯᠭ᠎ᠠ ᠪᠠᠲᠤ ᠶᠢ ᠰᠠᠬᠢᠵᠤ ᠬᠠᠤᠯᠢ ᠴᠠᠭᠠᠵᠠ ᠶᠢ ᠵᠢᠷᠤᠮᠯᠠᠬᠤ ᠲᠠᠨᠢᠯᠲᠠ ᠶᠢ ᠳᠡᠭᠡᠭᠰᠢᠯᠡᠭᠦᠯᠦᠨ ᠠᠵᠢᠯ ᠲᠥᠷᠥᠯ ᠤᠨ ᠡᠮᠬᠢ ᠵᠢᠷᠤᠮ ᠤᠨ ᠲᠣᠭᠲᠠᠭᠤᠨ ᠢ ᠪᠠᠲᠤᠯᠠᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号