ᠬᠤᠨᠢᠨ ᠤ ᠦᠷᠡᠵᠢᠯ ᠤᠨ ᠬᠤᠭᠤᠴᠠᠭᠠᠨ ᠳᠠᠬᠢ ᠰᠢᠮ᠎ᠡ ᠲᠡᠵᠢᠭᠡᠯ ᠤᠨ ᠱᠠᠭᠠᠷᠳᠠᠯᠭ᠎ᠠ
ᠨᠡᠶᠢᠲᠡᠯᠡᠭᠰᠡᠨ ᠴᠠᠭ᠄
2019/6/25
     ᠬᠤᠴᠠ ᠪᠣᠯᠣᠨ ᠡᠮ᠎ᠡ ᠬᠤᠨᠢᠨ ᠤ ᠬᠡᠪ ᠤᠨ ᠦᠷᠡᠵᠢᠯ ᠤᠨ ᠴᠢᠳᠠᠪᠤᠷᠢ ᠶᠢ ᠪᠠᠲᠤᠯᠠᠬᠤ ᠳᠤ ᠪᠦᠳᠦᠭᠦᠯᠢᠭ ᠤᠭᠤᠷᠠᠭ ᠢ ᠭᠦᠢᠴᠡᠳ ᠬᠠᠩᠭᠠᠬᠤ ᠠᠴᠠ ᠭᠠᠳᠠᠨ᠎ᠠ᠂ ᠴᠡᠪᠡᠷ ᠤᠭᠤᠷᠠᠭ ᠢ ᠪᠠᠰᠠ ᠵᠣᠬᠢᠬᠤ ᠬᠡᠮᠵᠢᠶ᠎ᠡ ᠪᠠᠷ ᠬᠠᠩᠭᠠᠵᠤ ᠥᠭᠭᠦᠨ᠎ᠡ᠃ ᠡᠭᠦᠨ ᠠᠴᠠ ᠭᠠᠳᠠᠨ᠎ᠠ ᠥᠭᠡᠬᠦ ᠪᠣᠯᠣᠨ ᠸᠢᠲ᠋ᠠᠮᠢᠨ ᠢ ᠭᠦᠢᠴᠡᠳ ᠬᠠᠩᠭᠠᠬᠤ ᠬᠡᠷᠡᠭᠲᠡᠢ᠃ ᠬᠠᠨᠤᠭᠠᠳᠤᠢ ᠥᠭᠡᠬᠦᠨ ᠬᠦᠴᠢᠯ ᠳᠠᠬᠢ ᠮᠠᠭᠠᠯᠢᠩᠭᠤ ᠶᠢᠨ ᠲᠣᠰᠣᠨ ᠬᠦᠴᠢᠯ᠂ ᠳᠤᠲᠠᠭᠤ ᠲᠣᠰᠣᠨ ᠬᠦᠴᠢᠯ ᠨᠢ ᠦᠷᠡᠵᠢᠯ ᠤᠨ ᠬᠤᠷᠮᠣᠨ ᠢ ᠪᠦᠷᠢᠯᠳᠦᠭᠦᠯᠬᠦ ᠴᠢᠬᠤᠯᠠ ᠪᠣᠳᠠᠰ ᠮᠥᠨ᠂ ᠶᠡᠭᠡ ᠬᠡᠮᠵᠢᠶ᠎ᠡ ᠪᠠᠷ ᠳᠤᠲᠠᠭᠳᠠᠪᠠᠯ ᠬᠤᠨᠢᠨ ᠤ ᠦᠷᠡᠵᠢᠯ ᠤᠨ ᠴᠢᠳᠠᠪᠤᠷᠢ ᠶᠢ ᠨᠥᠯᠥᠭᠡᠯᠡᠨ᠎ᠡ᠃ ᠸᠢᠲ᠋ᠠᠮᠢᠨ A ᠳᠤᠲᠠᠭᠳᠠᠪᠠᠯ ᠬᠤᠴᠠᠨ ᠤ ᠦᠷ᠎ᠡ ᠶᠢᠨ ᠰᠢᠩᠭᠡᠨ ᠤ ᠶᠠᠰᠤ ᠴᠢᠨᠠᠷ ᠨᠢ ᠮᠠᠭᠤᠳᠠᠵᠤ᠂ ᠦᠷᠡᠵᠢᠯ ᠤᠨ ᠴᠢᠳᠠᠪᠤᠷᠢ ᠨᠢ ᠳᠣᠷᠣᠭᠰᠢᠯᠠᠨ᠎ᠠ᠃ ᠡᠮ᠎ᠡ ᠬᠤᠨᠢᠨ ᠤ ᠰᠠᠪᠠ᠂ ᠤᠮᠠᠢ᠂ ᠬᠠᠷᠪᠢᠰᠤᠨ ᠤ ᠨᠢᠯᠴᠠᠭᠠᠢ ᠪᠦᠷᠬᠦᠪᠴᠢ ᠨᠢ ᠡᠪᠡᠷᠰᠢᠵᠦ᠂ ᠬᠡᠭᠡᠯ ᠲᠣᠭᠲᠠᠬᠤ ᠶᠢ ᠨᠥᠯᠥᠭᠡᠯᠡᠵᠦ᠂ ᠬᠡᠭᠡᠯᠲᠦᠭᠰᠡᠨ ᠴᠤ ᠬᠡᠭᠡᠯ ᠬᠠᠶᠠᠬᠤ ᠨᠢ ᠣᠯᠠᠨ᠃ ᠸᠢᠲ᠋ᠠᠮᠢᠨ D ᠳᠤᠲᠠᠭᠳᠠᠪᠠᠯ ᠡᠮ᠎ᠡ ᠬᠤᠨᠢᠨ ᠤ ᠺᠠᠯᠼ ᠪᠣᠯᠣᠨ ᠹᠣᠰᠹᠣᠷ ᠤᠨ ᠰᠣᠯᠢᠯᠴᠠᠭᠠᠨ ᠳᠤ ᠬᠠᠷᠰᠢ ᠪᠣᠯᠵᠤ᠂ ᠬᠡᠭᠡᠯ ᠤᠨ ᠪᠣᠶᠢᠵᠢᠯᠲᠠ ᠶᠢ ᠨᠥᠯᠥᠭᠡᠯᠡᠨ᠎ᠡ᠃ ᠲᠡᠵᠢᠭᠡᠯ ᠪᠣᠷᠳᠣᠭᠠᠨ ᠳᠤ ᠹᠣᠰᠹᠣᠷ ᠳᠤᠲᠠᠭᠳᠠᠪᠠᠯ ᠡᠮ᠎ᠡ ᠬᠤᠨᠢ ᠨᠢ ᠬᠡᠭᠡᠯᠲᠦᠬᠦ ᠦᠭᠡᠢ ᠪᠤᠶᠤ ᠬᠡᠭᠡᠯ ᠬᠠᠶᠠᠳᠠᠭ᠃ B ᠪᠦᠯᠦᠭ ᠤᠨ ᠸᠢᠲ᠋ᠠᠮᠢᠨ ᠳᠤᠲᠠᠭᠳᠠᠪᠠᠯ ᠬᠤᠴᠠᠨ ᠤ ᠲᠥᠮᠥᠰᠥ ᠨᠢ ᠬᠠᠲᠠᠵᠤ᠂ ᠦᠷᠡᠵᠢᠯ ᠤᠨ ᠴᠢᠳᠠᠪᠤᠷᠢ ᠨᠢ ᠪᠠᠭᠤᠷᠠᠨ᠎ᠠ᠃
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ