| | | | | | 2019 ᠣᠨ ᠤ 6 ᠳ᠋ᠤᠭᠠᠷ ᠰᠠᠷ᠎ᠠ ᠪᠣᠯ ᠪᠦᠬᠦ ᠤᠯᠤᠰ ᠤᠨ18 ᠳ᠋ᠤᠭᠠᠷ ︽ᠠᠶᠤᠯᠭᠦᠢ ᠦᠢᠯᠡᠳᠪᠦᠷᠢᠯᠡᠯ ᠤᠨ | ᠰᠠᠷ᠎ᠠ︾ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ 2019 ᠣᠨ ᠤ ᠪᠦᠬᠦ ᠤᠯᠤᠰ ᠤᠨ | ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ | ᠪᠣᠯᠭᠠᠬᠤ ᠶᠢᠨ ᠬᠠᠮᠲᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠳᠤ ᠠᠶᠤᠯᠭᠦᠢ | ᠦᠢᠯᠡᠳᠪᠦᠷᠢᠯᠡᠯ ᠤᠨ ᠰᠠᠶᠢᠨ ᠰᠠᠶᠢᠬᠠᠨᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠲᠤᠰᠠᠳᠠ᠂ 6 ᠳ᠋ᠤᠭᠠᠷ | ᠰᠠᠷ᠎ᠠ ᠶᠢᠨ 17 ᠤ ᠦᠳᠡ ᠶᠢᠨ ᠡᠮᠦᠨ᠎ᠡ᠂ ᠦᠴᠤᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠭᠡᠮ ᠢ ᠠᠷᠢᠯᠭᠠᠬᠤ᠂ ᠠᠳᠡᠯ ᠭᠠᠷᠬᠤ ᠶᠢ ᠬᠤᠷᠢᠭᠯᠠᠬᠤ︾ ᠪᠠᠷ | ᠭᠤᠣᠯ ᠰᠡᠳᠦᠪ ᠪᠤᠯᠭᠠᠭᠰᠠᠨ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠬᠢᠵᠦ ᠠᠰᠠᠭᠤᠨ | ᠯᠠᠪᠯᠠᠬᠤ ᠡᠳᠦᠷ ᠤᠨ ᠠᠵᠢᠯᠯᠠᠭ᠎ᠠ ᠶᠢ ᠰᠢᠨ᠎ᠡ ᠶᠢᠷᠲᠢᠨᠴᠦ ᠠᠭᠤᠳᠠᠮ ᠲᠠᠯᠠᠪᠠᠢ ᠳᠤ ᠥᠷᠨᠢᠭᠦᠯᠪᠡ᠃ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠶᠦᠩ ᠫᠢᠩ᠂ ᠵᠥᠪᠯᠡᠯ ᠤᠨ ᠪᠠᠶᠢᠭᠤᠯᠭ᠎ᠠ ᠶᠢᠨ ᠠᠶᠤᠯᠭᠦᠢ | ᠦᠢᠯᠡᠳᠪᠦᠷᠢᠯᠡᠯ ᠤᠨ ᠬᠠᠷᠢᠯᠴᠠᠭᠴᠢ᠂ ᠰᠢᠨ᠎ᠡ ᠬᠠᠭᠤᠴᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠬᠠᠮᠢᠶ᠎ᠠ ᠪᠦᠬᠦᠢ ᠠᠵᠢᠯᠲᠠᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠨᠢ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠯᠪᠠᠨ | ᠵᠢᠷᠤᠮ ᠤᠨ ᠡᠮᠴᠢᠯᠡᠭᠡ ᠬᠢᠬᠦ ᠵᠡᠷᠭᠡ ᠠᠯᠢ ᠣᠯᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ | ᠰᠠᠭᠤᠭᠠᠯᠢ ᠠᠷᠠᠳ ᠲᠤ ᠠᠮᠤᠷ ᠲᠦᠪᠰᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠤᠷ | ᠲᠦᠪᠰᠢᠨ ᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠡᠷᠡᠭᠦᠯ ᠮᠡᠨᠳᠦ ᠦᠴᠤᠸᠠᠨ᠂ ᠠᠮᠤᠷ | ᠠᠮᠤᠭᠤᠯᠠᠩ ᠦᠴᠤᠸᠠᠨ ᠢ ᠤᠯᠠᠮ ᠨᠢᠭᠡ ᠠᠯᠬᠤᠮ ᠪᠤᠢ ᠪᠣᠯᠭᠠᠬᠤ ᠳᠤ ᠨᠡᠶᠢᠭᠡᠮ ᠤᠨ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠵᠤ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ ᠲᠠᠢ ᠪᠠᠷ ᠬᠥᠭᠵᠢᠬᠦ ᠳᠤ | ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ |