ᠴᠢ ᠪᠠᠢ ᠰᠢᠶᠣᠣ ᠬᠦᠳᠡᠭᠡ ᠲᠣᠰᠬᠤᠨ ᠤ ᠨᠤᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠲᠣᠬᠠᠢ ᠶᠢᠨ ᠭᠠᠵᠠᠷ ᠲᠤᠨᠢ ᠰᠢᠮᠳᠠᠭᠤᠯᠣᠨ ᠵᠢᠯᠣᠭᠤᠳᠪᠠ
ᠨᠡᠶᠢᠲᠡᠯᠡᠭᠰᠡᠨ ᠴᠠᠭ᠄
2019-06-28
     6 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠳᠡᠳ᠋ ᠳᠠᠷᠤᠭ᠎ᠠ ᠴᠢ ᠪᠠᠢ ᠰᠢᠶᠣᠣ ᠴᠧᠩ ᠭᠤᠸᠠᠨ ᠪᠠᠯᠭᠠᠰᠣᠨ ᠳᠤ ᠭᠦᠨᠵᠡᠭᠡᠶᠢᠷᠡᠵᠦ᠂ ᠬᠦᠳᠡᠭᠡ ᠲᠣᠰᠬᠤᠨ ᠤ ᠨᠤᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠲᠣᠬᠠᠢ ᠶᠢᠨ ᠭᠠᠵᠠᠷ ᠲᠤᠨᠢ ᠰᠢᠮᠳᠠᠭᠤᠯᠣᠨ ᠵᠢᠯᠣᠭᠤᠳᠪᠠ᠃ ᠰᠢᠶᠠᠨ ᠤ ᠣᠷᠣᠨ ᠰᠠᠭᠤᠴᠠ ᠪᠠ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠴᠧᠩ ᠭᠤᠸᠠᠨ ᠪᠠᠯᠭᠠᠰᠣ ᠶᠢᠨ ᠬᠠᠷᠢᠭᠤᠴᠠᠯᠭᠠᠲᠠᠳ ᠪᠠᠷ᠎ᠠ ᠪᠣᠯᠪᠠ᠃      ᠴᠢ ᠪᠠᠢ ᠰᠢᠶᠣᠣ ᠨᠠᠷ ᠤᠷᠢᠳ ᠬᠤᠵᠢᠳ ᠴᠧᠩ ᠭᠤᠸᠠᠨ ᠪᠠᠯᠭᠠᠰᠣ ᠶᠢᠨ ᠹᠠᠨ ᠵᠢᠶᠠ ᠶᠣᠣ᠂ ᠳ᠋ᠠ ᠯᠢᠶᠠᠩ ᠵᠡᠷᠭᠡ ᠲᠣᠰᠬᠤᠨ ᠳᠤ ᠬᠦᠷᠴᠦ᠂ ᠠᠶᠢᠯ ᠡᠷᠦᠬᠡ ᠳᠤ ᠪᠠᠭᠤᠵᠣ᠂ ᠬᠦᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠪᠠᠶᠢᠴᠠᠭᠠᠭᠰᠠᠨ ᠪᠠᠶᠢᠳᠠᠯ᠂ ᠥᠭᠡᠷᠡᠴᠢᠯᠡᠨ ᠵᠠᠰᠠᠭᠰᠠᠨ ᠪᠠᠶᠢᠳᠠᠯ ᠢ ᠨᠠᠷᠢᠯᠢᠭ ᠣᠶᠢᠯᠠᠭᠠᠪᠠ᠃      ᠴᠢ ᠪᠠᠢ ᠰᠢᠶᠣᠣ ᠵᠢᠭᠠᠵᠣ ᠭᠠᠷᠭᠠᠭᠰᠠᠨ ᠨᠢ᠂ ᠬᠦᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠣᠯᠲᠠ ᠶᠢᠨ ᠳᠣᠮᠳᠠᠬᠢ ᠴᠢᠬᠤᠯᠠ ᠨᠢᠭᠡ ᠭᠤᠭᠴᠤᠭ᠎ᠠ᠂ ︽ᠬᠤᠶᠠᠷ ᠲᠤ ᠵᠣᠪᠠᠭ᠋ᠣ ᠦᠭᠡᠢ᠂ ᠭᠤᠷᠪᠠ ᠶᠢ ᠪᠠᠲᠣᠯᠠᠬᠤ︾ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠠᠪᠴᠠᠯ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠡᠯ᠎ᠡ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠲᠣᠯᠭᠠᠮ᠎ᠠ ᠰᠡᠳᠬᠢᠯᠭᠡ᠂ ᠬᠠᠷᠢᠭᠤᠴᠠᠯᠭᠠᠲᠣ ᠰᠡᠳᠬᠢᠯᠭᠡ ᠪᠠᠨ ᠦᠨᠡᠨᠬᠦ ᠨᠡᠮᠡᠭᠳᠡᠭᠦᠯᠬᠦ ᠬᠡᠷᠡᠭᠲᠡᠢ᠃ ᠨᠢᠭᠡ ᠳᠤ᠂ ᠰᠠᠭᠤᠷᠢ ᠲᠤᠭ᠎ᠠ ᠶᠢ ᠳᠣᠲᠣᠷᠬᠠᠢ ᠪᠠᠶᠢᠯᠭᠠᠬᠤ ᠬᠡᠷᠡᠭᠲᠡᠢ᠃ ᠡᠯ᠎ᠡ ᠰᠢᠶᠠᠩ ᠪᠠᠯᠭᠠᠰᠣ᠂ ᠬᠦᠷᠢᠶᠡᠯᠡᠩ ᠲᠣᠭᠤᠷᠢᠭ ︽ᠳᠥᠷᠪᠡᠨ ᠲᠦᠷᠥᠯ ᠤᠨ ᠬᠦᠮᠦᠨ︾ ᠤ ᠪᠠᠷᠢᠮᠵᠢᠶ᠎ᠠ ᠲᠠᠢ ᠬᠠᠷᠢᠴᠠᠭᠤᠯᠵᠣ᠂ ᠨᠣᠷᠠᠬᠤ ᠠᠶᠣᠯ ᠲᠠᠢ ᠭᠡᠷ ᠪᠠᠶᠢᠰᠢᠩ ᠢ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠬᠠᠷᠢᠶ᠎ᠠ ᠭᠠᠵᠠᠷ ᠤᠨ ᠨᠣᠷᠠᠬᠤ ᠠᠶᠣᠯ ᠲᠠᠢ ᠭᠡᠷ ᠪᠠᠶᠢᠰᠢᠩ ᠤᠨ ᠲᠤᠭ᠎ᠠ ᠶᠢ ᠲᠣᠶᠢᠯᠪᠣᠷᠢᠲᠡᠢ ᠪᠠᠶᠢᠴᠠᠭᠠᠬᠤ ᠬᠡᠷᠡᠭᠲᠡᠢ᠃ ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠥᠭᠡᠷᠡᠴᠢᠯᠡᠨ ᠵᠠᠰᠠᠬᠤ ᠬᠡᠷᠡᠭᠲᠡᠢ᠃ ᠰᠢᠶᠠᠨ ᠤ ᠣᠷᠣᠨ ᠰᠠᠭᠤᠴᠠ ᠪᠠ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠡᠯ᠎ᠡ ᠰᠢᠶᠠᠩ ᠪᠠᠯᠭᠠᠰᠣ᠂ ᠬᠦᠷᠢᠶᠡᠯᠡᠩ ᠲᠣᠭᠤᠷᠢᠭ ᠲᠤ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠵᠦ᠂ ᠲᠣᠬᠠᠢ ᠶᠢᠨ ᠭᠠᠵᠠᠷ ᠲᠤᠨᠢ ᠦᠨᠡᠯᠡᠨ ᠲᠣᠭᠲᠠᠭᠠᠬᠤ ᠶᠢᠨ ᠬᠠᠮᠲᠣ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠥᠭᠡᠷᠡᠴᠢᠯᠡᠨ ᠵᠠᠰᠠᠬᠤ ᠠᠷᠭ᠎ᠠ ᠬᠡᠯᠪᠡᠷᠢ ᠪᠠᠨ ᠲᠣᠭᠲᠠᠭᠠᠨ᠎ᠠ᠃ ᠭᠤᠷᠪᠠ ᠳᠤ᠂ ᠠᠬᠢᠴᠠ ᠪᠠᠨ ᠲᠦᠷᠭᠡᠳᠬᠡᠬᠦ ᠬᠡᠷᠡᠭᠲᠡᠢ᠃ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠣᠨ ᠵᠢᠭᠰᠠᠭᠠᠵᠣ᠂ ᠪᠠᠶᠢᠭᠤᠯᠬᠤ ᠬᠤᠷᠳᠣᠴᠠ ᠪᠠᠨ ᠲᠦᠷᠭᠡᠳᠬᠡᠨ᠂  ᠬᠤᠭᠤᠴᠠᠭ᠎ᠠ ᠲᠣᠭᠲᠠᠭᠠᠨ ᠰᠢᠮᠳᠠᠭᠤᠯᠣᠨ ᠪᠠᠶᠢᠴᠠᠭᠠᠵᠣ᠂ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠢᠨᠵᠧᠨᠧᠷᠢᠩ ᠡᠷᠲᠡ ᠪᠠᠶᠢᠭᠤᠯᠵᠣ ᠳᠠᠭᠤᠰᠣᠨ᠂ ᠡᠷᠲᠡ ᠨᠢᠭᠡᠨ ᠡᠳᠦᠷ ᠬᠡᠷᠡᠭᠯᠡᠯᠲᠡ ᠳᠤ ᠣᠷᠣᠬᠤ ᠶᠢ ᠪᠠᠲᠣᠯᠠᠬᠤ ᠬᠡᠷᠡᠭᠲᠡᠢ᠃ ᠳᠥᠷᠪᠡ ᠳᠤ᠂ ᠴᠢᠨᠠᠷ ᠴᠢᠨᠰᠠᠭ᠎ᠠ ᠶᠢ ᠪᠠᠲᠣᠯᠠᠬᠤ ᠬᠡᠷᠡᠭᠲᠡᠢ᠃ ᠵᠠᠪᠠᠯ ᠪᠠᠷᠢᠮᠵᠢᠶ᠎ᠠ ᠶᠣᠰᠣᠭᠠᠷ ᠥᠭᠡᠷᠡᠴᠢᠯᠡᠨ ᠵᠠᠰᠠᠵᠣ᠂ ᠴᠢᠨᠠᠷ ᠴᠢᠨᠰᠠᠭ᠎ᠠ ᠶᠢᠨ ᠬᠢᠨᠠᠯᠲᠠ ᠬᠠᠮᠢᠶᠠᠷᠣᠯᠲᠠ ᠶᠢ ᠰᠠᠶᠢᠲᠣᠷ ᠠᠳᠬᠤᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠬᠦᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠳᠠᠭᠤᠰᠬᠠᠬᠤ ᠡᠨᠡᠬᠦ ᠬᠠᠲᠠᠭᠤ ᠡᠭᠦᠷᠭᠡ ᠶᠢ ᠰᠠᠶᠢᠲᠣᠷ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠠᠷᠠᠳ ᠢ ᠰᠡᠳᠬᠢᠯ ᠠᠮᠣᠷ ᠮᠦᠷᠲᠡᠭᠡᠨ ᠠᠮᠣᠷ ᠲᠥᠪᠰᠢᠨ ᠭᠡᠷ ᠪᠠᠶᠢᠰᠢᠩ ᠳᠤ ᠰᠠᠭᠤᠯᠭᠠᠬᠤ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号