ᠦᠪᠦᠷ ᠮᠤᠩᠭᠤᠯ ᠤᠨ ᠬᠤᠪᠢᠰᠬᠠᠯ ᠤᠨ ᠲᠡᠦᠬᠡ ᠶᠢᠨ ᠮᠦᠽᠸᠢ— ᠰᠤᠶᠤᠯ ᠤᠨ ᠨᠡᠶᠢᠲᠡ ᠶᠢᠨ ᠠᠰᠠᠷᠠᠮᠵᠢ ᠶᠢᠨ  ᠲᠦᠷᠦᠯ ᠵᠦᠢᠯ
ᠨᠡᠶᠢᠲᠡᠯᠡᠭᠰᠡᠨ ᠴᠠᠭ᠄
2019-06-03
        ᠦᠪᠦᠷ  ᠮᠤᠩᠭᠤᠯ ᠤᠨ  ᠬᠤᠪᠢᠰᠬᠠᠯ ᠤᠨ  ᠲᠡᠦᠬᠡ ᠶᠢᠨ  ᠮᠦᠽᠸᠢ  ᠪᠤᠯ  ᠮᠠᠨ ᠤ  ᠤᠷᠤᠨ ᠤ  ᠭᠤᠤᠯᠳᠠᠯᠭ᠎ᠠ ᠲᠠᠢ‌‍ᠰᠤᠶᠤᠯ ᠤᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠪᠠᠶᠢᠵᠤ᠂ ᠪᠠᠷᠢᠯᠭ᠎ᠠ ᠶᠢᠨ  ᠶᠡᠷᠦᠩᠬᠡᠢ  ᠲᠠᠯᠠᠪᠠᠢ ᠨᠢ  137598ᠲᠡᠭᠰᠢ ᠳᠦᠷᠪᠡᠯᠵᠢᠨ ᠮᠧᠲᠷ᠂ ᠶᠡᠷᠦᠩᠬᠡᠢ ᠪᠡᠯᠡ ᠤᠷᠤᠭᠤᠯᠤᠯᠲᠠ ᠨᠢ 18.7  ᠳ᠋ᠦᠡᠭᠰᠢᠭᠤᠷ  ᠲᠦᠭᠦᠷᠢᠭ  ᠪᠤᠯᠤᠨ᠎ᠠ᠃  ᠲᠤᠰ‌‍ᠲ᠋ᠦ᠋ᠷᠦᠯ ᠵᠦᠢᠯ ᠨᠢ 2017 ᠤᠨ ᠤ 9 ᠰᠠᠷ᠎ᠠ ᠠᠴᠠ ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠨ᠂ ᠪᠠᠷᠢᠯᠭ᠎ᠠ ᠶᠢᠨ  ᠠᠵᠢᠯ ᠵᠶ᠋ᠠᠨ‌‍ᠲ᠋ᠠᠭᠤᠰᠬᠠᠨ ᠰᠢᠯᠭᠠᠨ ᠠᠪᠬᠤ ᠴᠠᠭ ᠢᠶᠠᠨ 2020 ᠤᠨ ᠤ 6  ᠰᠠᠷ᠎ᠠ ᠪᠠᠷ  ᠵᠢᠱᠢᠵᠤ  ᠪᠤᠢ᠃  ᠤᠢᠢᠯᠠᠭᠠᠬᠰᠠᠨ ᠢᠶᠠᠷ᠂  ᠲᠤᠰ‌ᠮᠦ᠋ᠽᠸᠢ ᠨᠢ ᠦᠪᠦᠷ ᠮᠤᠩᠭᠤᠯ ᠤᠨ ᠬᠤᠪᠢᠰᠬᠠᠯ ᠤᠨ ᠲᠡᠦᠬᠡ ᠶᠢᠨ ᠦᠵᠡᠭᠦᠯᠭᠡ ᠶᠢᠨ ᠲᠢᠩᠬᠢᠮ᠂  ᠳᠠᠯᠠᠨ  ᠬᠠᠷ᠎ᠠ  ᠠᠭᠤᠯᠠᠨ ‍ᠤ‌‍ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠤᠨ  ᠦᠵᠡᠭᠦᠯᠭᠡ ᠶᠢᠨ  ᠲᠢᠩᠬᠢᠮ᠂  ᠦᠪᠦᠷ  ᠮᠤᠩᠭᠤᠯ ᠤᠨ  ᠮᠤᠷᠢᠲᠤ  ᠴᠡᠷᠢᠭ ‍ᠤᠨ‌‍ᠲ᠋ᠤᠷᠠᠰᠬᠠᠯ ᠤᠨ  ᠦᠵᠡᠭᠦᠯᠭᠡ ᠶᠢᠨ  ᠲᠢᠩᠬᠢᠮ᠂  ᠦᠨᠳᠦᠰᠦᠲᠡᠨ ᠤ  ᠪᠦᠯᠬᠦᠮᠳᠡᠯ ᠤᠨ  ᠦᠵᠡᠭᠦᠯᠭᠡ ᠶᠢᠨ  ᠲᠢᠩᠬᠢᠮ  ᠵᠡᠷᠭᠡ ᠵᠢ‌‍ᠪᠠᠭᠲᠠᠭᠠᠨ᠎ᠠ᠃ ᠲᠦᠷᠦᠯ ᠵᠦᠢᠯ ᠢ ᠪᠠᠶᠢᠭᠤᠯᠵᠤ ᠪᠠᠷᠠᠬᠰᠠᠨ ᠤ ᠳᠠᠷᠠᠭ᠎ᠠ᠂ ᠬᠦᠬᠡᠬᠤᠲᠠ ᠶᠢᠨ  ᠭᠠᠵᠠᠷ ᠤᠨ  ᠲᠡᠮᠲᠡᠭᠲᠦ  ᠴᠢᠨᠠᠷ ᠲᠠᠢ‌‍ᠪᠠᠷᠢᠯᠭ᠎ᠠ ᠶᠢᠨ ᠬᠤᠪᠢ ᠪᠠᠷ᠂ ᠤᠯᠠᠨ ᠨᠡᠶᠢᠲᠡ ᠶᠢᠨ ᠰᠤᠶᠤᠯ ᠵᠢᠭᠤᠯᠴᠢᠯᠠᠯ ᠤᠨ ᠴᠢᠳᠠᠮᠵᠢ ᠶᠢ ᠨᠦᠬᠦᠪᠦᠷᠢᠯᠡᠨ ᠲᠡᠭᠦᠯᠳᠡᠷᠵᠢᠭᠦᠯᠵᠦ᠂ᠬᠤᠪᠢᠰᠬᠠᠯ ᠤᠨ  ᠵᠤᠷᠢᠭ  ᠰᠠᠨᠠᠭ᠎ᠠ ᠶᠢ  ᠤᠯᠠᠮᠵᠢᠯᠠᠬᠤ᠂  ᠬᠤᠪᠢᠰᠬᠠᠯ ᠤᠨ  ᠰᠤᠶᠤᠯ ᠢ   ᠪᠠᠳᠠᠷᠠᠭᠤᠯᠬᠤ᠂   ᠦᠨᠳᠦᠰᠦᠲᠡᠨ ‍ᠤ‌‍ᠪᠦ᠋ᠯᠬᠦᠮᠳᠡᠯ ᠢ  ᠡᠷᠬᠢᠮᠯᠡᠬᠦ ᠶᠢ  ᠪᠦᠷᠢᠯᠳᠦᠭᠦᠯᠦᠭᠰᠡᠨ  ᠰᠢᠨ᠎ᠠ  ᠲᠤᠮᠤ  ᠬᠡᠯᠪᠡᠷᠢ ᠶᠢᠨ  ᠰᠤᠶᠤᠯ ᠤᠨ  ᠠᠵᠢᠯᠯᠠᠭᠠᠨ ᠤ  ᠲᠠᠯᠠᠪᠤᠷ ᠢ‌‍ᠪᠦ᠋ᠷᠢᠯᠳᠦᠭᠦᠯᠬᠦ ᠪᠤᠯᠤᠨ᠎ᠠ᠃ ᠵᠢᠷᠤᠭ ᠪᠤᠯ᠂ 5 ᠰᠠᠷ᠎ᠠ ᠶᠢᠨ 27 ᠤ ᠡᠳᠦᠷ᠂ ᠦᠪᠦᠷ ᠮᠤᠩᠭᠤᠯ ᠤᠨ ᠬᠤᠪᠢᠰᠬᠠᠯ ᠤᠨ ᠲᠡᠦᠬᠡ ᠵᠢᠨ‌ᠮᠦ᠋ᠽᠸᠢ ᠶᠢ ᠲᠡᠭᠡᠪᠦᠷᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号