ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ 2019 ᠣᠨ ᠤ ᠮᠠᠯ ᠠᠵᠤ ᠠᠬᠤᠢ ᠶᠢᠨ ᠬᠥᠭᠵᠢᠯᠲᠡ ᠶᠢ ᠲᠡᠮᠵᠢᠬᠦ ᠲᠥᠷᠥ ᠶᠢᠨ | ᠪᠣᠳᠣᠯᠭ᠎ᠠ ᠶᠢᠨ ᠲᠤᠬᠠᠢ ᠲᠠᠶᠢᠯᠤᠮᠵᠢ ᠲᠤᠤᠷᠠᠬᠢ ᠮᠡᠳᠡᠭᠡ ᠵᠠᠩᠭᠢ ᠶᠢ ᠲᠠᠮᠵᠢᠭᠤᠯᠵᠤ ᠪᠠᠶᠢᠨ᠎ᠠ᠃ ᠲᠡᠭᠡᠪᠡᠯ ᠲᠠ ᠪᠤᠶᠤ | ᠲᠠᠨ ᠤ ᠨᠤᠳᠤᠭ ᠲᠤᠤᠷᠠᠬᠢ ᠬᠠᠷᠠᠭᠠᠯᠵᠠᠯ ᠬᠦᠷᠳᠡᠭᠡᠬᠦ ᠬᠦᠷᠢᠶ᠎ᠡ ᠬᠡᠪᠴᠢᠶᠡᠨ ᠳᠤ ᠪᠠᠭᠲᠠᠬᠤ ᠦᠦ⁈ | ᠮᠠᠯ ᠤᠨ ᠡᠭᠦᠯᠳᠡᠷ ᠰᠠᠶᠢᠵᠢᠷᠠᠭᠤᠯᠬᠤ ᠨᠥᠬᠦᠪᠦᠷᠢ᠄ | ᠲᠡᠵᠢᠭᠡᠪᠦᠷᠢ ᠶᠢᠨ ᠲᠠᠯᠠᠪᠠᠢ ᠪᠠ ᠲᠡᠵᠢᠭᠡᠪᠦᠷᠢ ᠶᠢᠨ ᠡᠷᠦᠬᠡ ᠶᠢᠨ ᠬᠢᠷᠢ ᠲᠡᠩᠴᠡᠭᠰᠡᠨ ᠦᠷ᠎ᠡ ᠶᠢᠨ ᠮᠠᠯ ᠪᠠ | ᠴᠢᠨᠠᠷ ᠰᠠᠶᠢᠳᠠᠢ ᠢᠴᠡᠭᠡᠯ ᠦᠷ᠎ᠡ ᠬᠡᠷᠡᠭᠯᠡᠬᠦ ᠵᠢᠴᠢ ᠪᠠᠷᠢᠮᠵᠢᠶ᠎ᠠ ᠶᠤᠰᠤᠭᠠᠷ ᠦᠢᠯᠡᠳᠪᠦᠷᠢᠯᠡᠬᠦ ᠶᠢ ᠠᠬᠢᠭᠤᠯᠬᠤ ᠶᠢᠨ | ᠲᠦᠯᠦᠭᠡ ᠬᠤᠴᠠ ᠪᠤᠶᠤ ᠤᠬᠤᠨ᠎ᠠ ᠪᠦᠷᠢ ᠳᠤ 800 ᠲᠦᠭᠦᠷᠢᠭ ᠤᠨ ᠨᠥᠬᠦᠪᠦᠷᠢ ᠥᠭᠴᠦ᠂ ᠮᠢᠬᠠᠨ ᠤ | ᠦᠬᠡᠷ ᠤᠨ ᠢᠴᠡᠭᠡᠯ ᠦᠷ᠎ᠡ ᠪᠤᠯᠭᠠᠨ ᠳᠤ 10 ᠲᠦᠭᠦᠷᠢᠭ ᠤᠨ ᠨᠥᠬᠦᠪᠦᠷᠢ ᠣᠯᠭᠤᠨ᠎ᠠ᠃ | ᠨᠥᠬᠦᠪᠦᠷᠢ ᠣᠯᠭᠤᠬᠤ ᠭᠠᠵᠠᠷ ᠣᠷᠣᠨ ᠵᠢᠴᠢ ᠨᠥᠬᠦᠴᠡᠯ᠄ | ᠮᠢᠬᠠᠨ ᠤ ᠬᠤᠨᠢᠨ ᠤ ᠲᠡᠵᠢᠭᠡᠪᠤᠷᠢ ᠶᠢᠨ ᠪᠠᠷᠢᠮᠵᠢᠶᠠᠵᠢᠭᠰᠠᠨ ᠰᠠᠭᠤᠷᠢᠨ ᠭᠠᠵᠠᠷ ᠤᠨ ᠪᠠᠶᠢᠭᠤᠯᠤᠯᠳᠠ ᠶᠢᠨ | ᠡᠭᠦᠷᠭᠡ ᠲᠠᠢ ᠬᠤᠰᠢᠭᠤ ᠰᠢᠶᠠᠨ ᠪᠠ ᠮᠢᠬᠠᠨ ᠤ ᠦᠭᠡᠷ ᠤᠨ ᠲᠡᠵᠢᠭᠡᠪᠤᠷᠢ ᠶᠢᠨ ᠪᠠᠷᠢᠮᠵᠢᠶᠠᠵᠢᠭᠰᠠᠨ ᠰᠠᠭᠤᠷᠢᠨ | ᠭᠠᠵᠠᠷ ᠤᠨ ᠪᠠᠶᠢᠭᠤᠯᠤᠯᠲᠠ ᠶᠢᠨ ᠡᠭᠦᠷᠭᠡ ᠬᠦᠨᠳᠦ ᠪᠠᠶᠢᠭ᠎ᠠ ᠲᠦᠩᠯᠢᠶᠤᠤ ᠬᠤᠳᠠ᠂ ᠤᠯᠠᠭᠠᠨᠬᠠᠳᠠ ᠬᠤᠳᠠ᠃ | ᠡᠳᠡᠭᠡᠷ ᠭᠠᠵᠠᠷ ᠣᠷᠣᠨ ᠤ ᠲᠡᠵᠢᠭᠡᠪᠤᠷᠢ ᠶᠢᠨ ᠡᠷᠦᠭᠡ ᠳᠤ ᠤᠯᠭᠤᠵᠤ᠂ ᠶᠠᠳᠠᠭᠤ ᠬᠦᠴᠢᠷᠳᠡᠯᠳᠡᠢ ᠬᠤᠰᠢᠭᠤ | ᠰᠢᠶᠠᠨ ᠳᠤ ᠤᠷᠢᠳ ᠢᠶᠠᠷ ᠲᠣᠬᠢᠷᠠᠭᠤᠯᠤᠨ᠎ᠠ᠃ | ᠬᠦᠭᠡ ᠳᠠᠷᠤᠰᠢ ᠶᠢᠨ ᠨᠥᠬᠦᠪᠦᠷᠢ᠄ | ᠲᠡᠵᠢᠭᠡᠬᠦ ᠪᠠᠷ ᠲᠠᠷᠢᠬᠤ ᠶᠢ ᠲᠠᠶᠢᠴᠢᠯᠠᠬᠤ ᠬᠡᠯᠪᠡᠷᠢ ᠪᠠᠷ ᠮᠠᠯ ᠠᠵᠤ ᠠᠬᠤᠢ ᠲᠠᠷᠢᠶᠠᠯᠠᠩ ᠤᠨ ᠪᠦᠳᠦᠴᠡ ᠳᠤ | ᠲᠤᠬᠢᠷᠠᠭᠤᠯᠤᠯᠳᠠ ᠬᠢᠬᠦ ᠶᠢ ᠠᠬᠢᠭᠤᠯᠬᠤ ᠶᠢᠨ ᠲᠦᠯᠦᠭᠡ ᠲᠦᠩᠯᠢᠶᠤᠤ᠂ ᠤᠯᠠᠭᠠᠨᠬᠠᠳᠠ᠂ ᠬᠦᠯᠦᠨ ᠪᠤᠶᠢᠷ᠂ ᠬᠢᠩᠭᠠᠨ | ᠂ ᠬᠦᠬᠡᠬᠤᠳᠠ᠂ ᠪᠠᠶᠠᠨᠨᠠᠭᠤᠷ ᠪᠤᠯᠤᠨ ᠪᠤᠭᠤᠳᠤ ᠬᠤᠳᠠ ᠵᠡᠷᠭᠡ ᠲᠤᠯᠤᠭᠠᠨ ᠠᠶᠢᠮᠠᠭ ᠬᠤᠳᠠ ᠶᠢᠨ ᠬᠦᠭᠡ | ᠲᠠᠷᠤᠰᠢ ᠶᠢᠨ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠶᠡᠭᠡ᠂ ᠬᠠᠳᠠᠭᠠᠯᠠᠬᠤ ᠨᠦᠭᠦᠴᠡᠯ ᠪᠦᠷᠢᠯᠳᠦᠭᠦᠯᠦᠭᠰᠡᠨ᠂ | ᠮᠢᠬᠠᠨ ᠤ ᠦᠭᠡᠷ ᠢᠶᠠᠷ ᠭᠤᠤᠯ ᠪᠤᠯᠭᠠᠵᠤ᠂ ᠰᠠᠭᠠᠯᠢ ᠶᠢᠨ ᠦᠨᠢᠶ᠎ᠡ ᠶᠢ ᠵᠡᠷᠭᠡᠪᠡᠷ ᠬᠦᠭᠵᠢᠭᠦᠯᠦᠭᠰᠡᠨ 19 ᠬᠤᠰᠢᠭᠤ | ᠰᠢᠶᠠᠨ ᠢ ᠪᠦᠬᠦᠯᠢ ᠴᠤᠭᠴᠠ ᠪᠠᠷ ᠠᠬᠢᠭᠤᠯᠵᠤ᠂ ᠠᠮᠤ ᠪᠤᠳᠠᠭᠠᠨ ᠤ ᠲᠠᠷᠢᠮᠠᠯ ᠢ ᠲᠡᠵᠢᠭᠡᠯ ᠪᠣᠷᠳᠣᠭᠠᠨ ᠤ ᠲᠠᠷᠢᠮᠠᠯ | ᠪᠤᠯᠭᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠭᠠᠵᠠᠷ ᠤᠷᠤᠨ ᠳᠤ ᠲᠤᠨ ᠪᠦᠷᠢ ᠳᠤ 50 ᠲᠦᠭᠦᠷᠢᠭ ᠤᠨ | ᠪᠠᠷᠢᠮᠵᠢᠶ᠎ᠠ ᠪᠠᠷ ᠬᠥᠬᠡ ᠳᠠᠷᠤᠰᠢ ᠶᠢᠨ ᠨᠥᠬᠦᠪᠦᠷᠢ ᠣᠯᠭᠤᠨ᠎ᠠ᠃ | ᠨᠥᠬᠦᠪᠦᠷᠢ ᠣᠯᠭᠤᠬᠤ ᠭᠠᠵᠠᠷ ᠣᠷᠣᠨ ᠵᠢᠴᠢ ᠨᠥᠬᠦᠴᠡᠯ᠄ | ᠦᠭᠡᠷ ᠬᠤᠨᠢᠨ ᠤ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢᠨ ᠡᠭᠦᠷᠭᠡ ᠬᠦᠨᠳᠦ ᠬᠤᠰᠢᠭᠤ ᠰᠢᠶᠠᠨ ᠤ ᠪᠦᠬᠦ ᠰᠤᠮᠤ ︵ᠰᠢᠶᠠᠩ︶ ᠪᠦᠬᠦ ᠭᠠᠴᠠᠭ᠎ᠠ ︵ | ᠲᠤᠰᠬᠤᠨ︶ ᠶᠢᠨ ᠲᠠᠷᠢᠵᠤ ᠲᠡᠵᠢᠭᠡᠬᠦ ᠶᠢ ᠤᠶᠠᠯᠳᠤᠭᠤᠯᠵᠤ ᠪᠠᠶᠢᠭ᠎ᠠ ᠲᠤᠰᠬᠠᠢ ᠲᠡᠵᠢᠭᠡᠪᠤᠷᠢ ᠶᠢᠨ ᠡᠷᠦᠭᠡ᠂ ᠭᠡᠷ | ᠪᠦᠯᠢ ᠶᠢᠨ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠳ ᠤᠨ ᠬᠤᠷᠰᠢᠶ᠎ᠠ ᠪᠣᠯᠣᠨ ᠬᠡᠪᠴᠢᠶᠡᠵᠢᠭᠰᠡᠨ | ᠲᠡᠵᠢᠭᠡᠪᠤᠷᠢ ᠶᠢᠨ ᠲᠠᠯᠠᠪᠠᠢ︔ ᠬᠦᠭᠡ ᠲᠠᠷᠤᠰᠢ ᠬᠤᠷᠢᠶᠠᠨ ᠬᠠᠳᠠᠭᠠᠯᠠᠬᠤ ᠲᠤᠰᠬᠠᠢ ᠬᠤᠷᠰᠢᠶ᠎ᠠ ᠵᠡᠷᠭᠡ ᠰᠢᠨ᠎ᠡ | ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠳᠤ ᠣᠯᠭᠤᠨ᠎ᠠ᠃ ᠶᠠᠳᠠᠭᠤ ᠬᠦᠴᠢᠷᠳᠡᠯᠳᠡᠢ | ᠬᠤᠰᠢᠭᠤ ᠰᠢᠶᠠᠨ ᠪᠤᠯᠤᠨ ᠮᠠᠯ ᠠᠵᠤ ᠠᠬᠤᠢ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠳᠠ ᠶᠢᠨ ᠡᠭᠦᠷᠭᠡ ᠬᠦᠨᠳᠦ ᠭᠠᠵᠠᠷ ᠣᠷᠣᠨ ᠳᠤ ᠤᠷᠢᠳ ᠢᠶᠠᠷ ᠲᠣᠬᠢᠷᠠᠭᠤᠯᠤᠨ᠎ᠠ᠃ | ᠠᠳᠤᠭᠤᠨ ᠤ ᠠᠵᠤ ᠦᠢᠯᠡᠰ ᠢ ᠠᠬᠢᠭᠤᠯᠬᠤ ᠲᠠᠯ᠎ᠠ ᠪᠠᠷ᠄ | ᠮᠠᠯ ᠠᠵᠤ ᠠᠬᠤᠢ ᠲᠠᠷᠢᠶᠠᠯᠠᠩ ᠢ ᠥᠨᠳᠦᠷ ᠴᠢᠨᠠᠷ ᠴᠢᠨᠰᠠᠭ᠎ᠠ ᠲᠠᠢ ᠬᠦᠭᠵᠢᠭᠦᠯᠬᠦ 10 ᠲᠤᠮᠤ ᠠᠵᠢᠯᠯᠠᠭᠠᠨ ᠤ | ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ ᠠᠵᠢᠯ ᠢ | ᠡᠭᠦᠳᠦᠯᠳᠡ ᠶᠢᠨ ᠴᠢᠨᠠᠷ ᠲᠠᠢ ᠦᠷᠨᠢᠭᠦᠯᠬᠦ ᠶᠢᠨ ᠲᠦᠯᠦᠭᠡ᠂ ᠦᠪᠡᠷᠳᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ︽ᠣᠳᠣ ᠦᠶ᠎ᠡ ᠶᠢᠨ ᠠᠳᠤᠭᠤᠨ ᠤ ᠠᠵᠤ ᠦᠢᠯᠡᠰ ᠢ ᠬᠥᠭᠵᠢᠭᠦᠯᠬᠦ ᠲᠤᠬᠠᠢ ᠬᠠᠮᠢᠶ᠎ᠠ ᠪᠦᠬᠦᠢ ᠰᠠᠨᠠᠯ︾ | ᠲᠠᠢ ᠤᠶᠠᠯᠳᠤᠭᠤᠯᠤᠨ᠂ ᠰᠢᠯᠢ ᠶᠢᠨ ᠭᠤᠤᠯ ᠠᠶᠢᠮᠠᠭ᠂ ᠬᠦᠯᠦᠨ ᠪᠤᠶᠢᠷ ᠬᠤᠳᠠ ᠪᠠ ᠤᠷᠳᠤᠰ ᠬᠤᠳᠠ ᠶᠢᠨ | ᠠᠳᠤᠭᠤᠨ ᠤ ᠠᠵᠤ ᠦᠢᠯᠡᠰ ᠤᠨ ᠭᠤᠤᠯ ᠭᠠᠷᠤᠯᠳᠠ ᠶᠢᠨ ᠣᠷᠣᠨ ᠢ ᠤᠷᠢᠳ ᠢᠶᠠᠷ ᠲᠠᠮᠵᠢᠵᠦ᠂ ᠠᠳᠤᠭᠤᠨ ᠤ | ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ᠂ ᠰᠢᠨ᠎ᠡ ᠡᠭᠦᠯᠳᠡᠷ ᠪᠤᠶᠢᠵᠢᠭᠤᠯᠬᠤ ᠪᠠ ᠡᠪᠡᠳᠴᠢᠨ ᠬᠢᠵᠢᠭ ᠢ | ᠰᠡᠷᠭᠡᠶᠢᠯᠡᠨ ᠡᠵᠡᠮᠳᠡᠬᠦ ᠠᠵᠢᠯᠯᠠᠭ᠎ᠠ ᠦᠷᠨᠢᠭᠦᠯᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠮᠤᠩᠭᠤᠯ ᠠᠳᠤᠭᠤ | ᠲᠡᠵᠢᠭᠡᠬᠦ ᠶᠢ ᠤᠷᠢᠳ ᠢᠶᠠᠷ ᠳᠡᠮᠵᠢᠨ᠎ᠡ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠠᠬᠢᠭᠤᠯᠬᠤ ᠶᠢᠨ ᠲᠤᠭᠤᠷᠢᠨ ᠳᠤ᠂ ᠮᠠᠯᠴᠢᠨ ᠲᠠᠷᠢᠶᠠᠴᠢᠳ | ᠪᠠ ᠬᠤᠷᠰᠢᠶ᠎ᠠ ᠪᠠᠷ ᠭᠤᠤᠯ ᠪᠤᠯᠭᠠᠭᠰᠠᠨ ᠭᠡᠭᠦᠦ ᠶᠢᠨ ᠰᠦ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠪᠦᠷᠢ᠂ | ᠮᠣᠷᠢᠨ ᠤ ᠡᠳ᠋ᠯᠡᠯ ᠦᠢᠯᠡᠳᠬᠦ ᠪᠠ ᠪᠣᠷᠳᠤᠭ᠎ᠠ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠤᠨᠴᠠᠯᠢᠭᠳᠤ ᠠᠳᠤᠭᠤᠨ ᠤ | ᠠᠵᠤ ᠦᠢᠯᠡᠰ ᠤᠨ ᠲᠤᠷᠰᠢᠯᠳᠠ ᠶᠢᠨ ᠴᠡᠭ ᠢ ᠲᠡᠮᠵᠢᠬᠦ ᠪᠠᠷ ᠲᠠᠮᠵᠢᠨ᠂ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠤᠨ᠎ᠠ᠃ |