ᠬᠥᠬᠡᠬᠤᠲᠠ 45177.39 ᠲᠦᠮᠡᠨ ᠲᠥᠭᠦᠷᠢᠭ ᠤᠨ ᠪᠡᠯᠡ ᠮᠥᠩᠭᠦ ᠶᠢ ᠮᠠᠯ ᠠᠵᠤ ᠠᠬᠤᠢ ᠳᠠᠷᠢᠶᠠᠯᠠᠩ ᠢ ᠬᠦᠴᠦᠷᠬᠡᠭᠵᠢᠭᠦᠯᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠳᠤ ᠵᠠᠷᠤᠴᠠᠭᠤᠯᠵᠤ ᠪᠣᠢ
ᠨᠡᠶᠢᠲᠡᠯᠡᠭᠰᠡᠨ ᠴᠠᠭ᠄
2019/6/3
      ᠮᠠᠯᠴᠢᠨ ᠲᠠᠷᠢᠶᠠᠴᠢᠨ ᠤ ᠳᠤᠰ ᠪᠡᠶ᠎ᠡ ᠶᠢᠨ ᠠᠰᠢᠭ ᠲᠤᠰᠠ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠨᠡ ᠵᠢᠯ ᠠᠴᠠ ᠨᠠᠭᠠᠰᠢ ᠬᠥᠬᠡᠬᠤᠲᠠ ᠮᠠᠯ ᠠᠵᠤ ᠠᠬᠤᠢ ᠲᠠᠷᠢᠶᠠᠯᠠᠩ ᠢ ᠬᠦᠴᠦᠷᠬᠡᠭᠵᠢᠭᠦᠯᠦᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠤᠳᠤᠬᠠᠨ ᠳᠤ᠂ 45177.39 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ ᠬᠥᠬᠡᠬᠤᠲᠠ ᠶᠢᠨ ᠮᠠᠯ ᠠᠵᠤ ᠠᠬᠤᠢ ᠳᠠᠷᠢᠶᠠᠯᠠᠩ ᠢ ᠬᠦᠴᠦᠷᠬᠡᠭᠵᠢᠭᠦᠯᠵᠦ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠤᠭᠰᠠᠨ ᠪᠠᠶᠢᠨ᠎ᠠ᠃      ᠡᠭᠦᠨ ᠳᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ 17296.76 ᠲᠦᠮᠡᠨ ᠲᠥᠭᠦᠷᠢᠭ ᠪᠠᠭᠤᠯᠭᠠᠵᠤ᠂ 2019 ᠣᠨ ᠤ ᠳᠠᠪᠠᠭᠤᠯᠢᠭ ᠣᠨᠴᠠᠯᠢᠭᠲᠤ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠪᠠᠯᠠ ᠮᠥᠩᠭᠦ ᠶᠢ 6000 ᠲᠦᠮᠡᠨ ᠲᠥᠭᠦᠷᠢᠭ ᠪᠠᠭᠤᠯᠭᠠᠨ ᠦᠭᠴᠠᠢ︔ ᠠᠷᠠᠳ ᠲᠤ ᠠᠰᠢᠭ ᠬᠦᠷᠲᠡᠭᠡᠬᠦ ︽ᠪᠦᠷᠢᠨ ᠴᠢᠳᠠᠮᠵᠢᠳᠤ ᠺᠠᠷᠲ︾ ᠢᠶᠠᠷ ᠪᠠᠭᠤᠯᠭᠠᠭᠰᠠᠨ ᠨᠥᠬᠦᠪᠥᠷᠢ ᠮᠥᠩᠭᠦ 11296.76 ᠲᠦᠮᠡᠨ ᠲᠥᠭᠦᠷᠢᠭ ᠲᠤ ᠬᠦᠷᠴᠡᠶ᠂ ᠡᠭᠦᠨ ᠤ ᠳᠣᠲᠣᠷ᠎ᠠ ᠮᠠᠯᠴᠢᠨ ᠲᠠᠷᠢᠶᠠᠴᠢᠳ ᠲᠤ ᠤᠯᠭᠤᠬᠰᠠᠨ ᠨᠥᠬᠦᠪᠥᠷᠢ ᠮᠥᠩᠭᠦ  9927.77 ᠲᠦᠮᠡᠨ ᠲᠥᠭᠦᠷᠢᠭ ᠲᠤ ᠬᠦᠷᠴᠦ᠂ ᠬᠤᠲᠠ ᠪᠠᠯᠭᠠᠰᠤᠨ ᠤ ᠰᠠᠭᠤᠭᠠᠯᠢ ᠠᠷᠠᠳ  ᠲᠤ ᠤᠯᠭᠤᠬᠰᠠᠨ ᠨᠥᠬᠦᠪᠥᠷᠢ ᠮᠥᠩᠭᠦ 1368.99 ᠲᠦᠮᠡᠨ ᠲᠥᠭᠦᠷᠢᠭ ᠲᠤ ᠬᠦᠷᠴᠡᠶ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠᠯᠠ ᠮᠥᠩᠭᠦ 12547.63 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ 4858 ᠲᠦᠮᠡᠨ ᠲᠥᠭᠦᠷᠢᠭ᠂ 2019 ᠣᠨ ᠤ ᠠᠩᠬᠠᠳᠤᠭᠠᠷ ᠪᠦᠯᠦᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠶᠠᠳᠠᠭᠤ ᠶᠢ ᠲᠡᠳᠬᠦᠬᠦ ᠪᠠᠯᠠ ᠮᠥᠩᠭᠦ 1502 ᠲᠦᠮᠡᠨ ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠳᠤᠬᠠᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠢᠵᠢ ᠪᠦᠷᠢᠳᠦᠭᠦᠯᠬᠦ ᠪᠠᠯᠠ ᠮᠥᠩᠭᠦ 694.8 ᠲᠦᠮᠡᠨ ᠲᠥᠭᠦᠷᠢᠭ᠂ ᠣᠨᠳᠣᠤ ᠭᠠᠵᠠᠷ ᠲᠤ ᠨᠡᠭᠦᠯᠭᠡᠨ ᠰᠢᠯᠵᠢᠭᠦᠯᠵᠤ ᠶᠠᠳᠠᠭᠤ ᠶᠢ ᠲᠡᠳᠬᠦᠬᠦ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ 4189.5 ᠲᠦᠮᠡᠨ ᠲᠥᠭᠦᠷᠢᠭ᠂ ᠣᠨᠳᠣᠤ ᠭᠠᠵᠠᠷ ᠲᠤ ᠨᠡᠭᠦᠯᠭᠡᠨ ᠰᠢᠯᠵᠢᠭᠦᠯᠵᠤ ᠶᠠᠳᠠᠭᠤ ᠶᠢ ᠲᠡᠳᠬᠦᠬᠦ ᠢᠨᠵᠧᠨᠧᠷᠢᠩ ᠤᠨ 2019 ᠣᠨ ᠤ ᠠᠮᠢ ᠠᠬᠤᠶ ᠬᠡᠪᠡᠷᠡᠭ ᠭᠠᠵᠠᠷ ᠣᠷᠣᠨ ᠤ ᠠᠷᠠᠳ ᠢ ᠨᠡᠭᠦᠯᠭᠡᠨ ᠶᠠᠳᠠᠭᠤ ᠶᠢ ᠲᠡᠳᠬᠦᠬᠦ ᠪᠠᠯᠠ ᠮᠥᠩᠭᠦ 1303.33 ᠲᠦᠮᠡᠨ ᠲᠥᠭᠦᠷᠢᠭ ᠪᠤᠢ᠃ ᠦᠨᠳᠤᠰᠤᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠂ ᠣᠰᠣᠨ ᠠᠰᠢᠬᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 15333 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠂ ᠤᠰᠤᠨ ᠤ ᠠᠮᠢ ᠠᠬᠤᠶ ᠶᠢ ᠵᠠᠰᠠᠬᠤ ᠳᠤᠮᠳᠠ ᠭᠤᠤᠯ ᠭᠤᠷᠤᠬᠠ ᠶᠢ ᠵᠠᠰᠠᠬᠤ ᠵᠡᠷᠭᠡ ᠪᠤᠰᠤᠳ ᠣᠰᠣᠨ ᠠᠰᠢᠬᠯᠠᠯᠲᠠ ᠶᠢᠨ ᠢᠨᠵᠧᠨᠧᠷᠢᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠯᠠ ᠮᠥᠩᠭᠦ 15280 ᠲᠦᠮᠡᠨ ᠲᠥᠭᠦᠷᠢᠭ ᠪᠠᠶᠢᠵᠤ᠂ ᠭᠤᠤᠯᠳᠠᠭᠤ ᠶᠡᠭᠡ ᠲᠦᠷᠭᠡᠨ ᠭᠤᠣᠯ ᠢ ᠵᠠᠰᠠᠬᠤ ᠢᠨᠵᠧᠨᠧᠷᠢᠩ᠂ ᠴᠢᠩ ᠱᠦᠶ ᠾᠧ ᠰᠢᠶᠠᠨ ᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ ᠬᠡᠷᠡᠭᠯᠡᠨ᠎ᠡ︔ ᠦᠴᠤᠸᠠᠨ ᠰᠢᠶᠠᠨ ᠤ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠢᠨᠵᠧᠨᠧᠷᠢᠩ ᠤᠨ ᠬᠤᠲᠠ ᠶᠢᠨ ᠱᠠᠲᠤᠨ ᠤ ᠢᠵᠢ ᠪᠦᠷᠢᠯᠳᠦᠭᠦᠯᠬᠦ ᠪᠡᠯᠡ ᠮᠥᠩᠭᠦ 53 ᠲᠦᠮᠡᠨ ᠲᠥᠭᠦᠷᠢᠭ ᠪᠣᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ