ᠤᠯᠠᠨ ᠲᠦᠮᠡᠨ ᠤ ︽ᠢᠳᠡᠭᠡᠨ ᠤ ᠠᠶᠤᠯᠭᠦᠢ︾ ᠶᠢ ᠪᠠᠳᠤᠯᠠᠬᠤ ᠶᠢᠨ ᠲᠦᠯᠦᠭᠡ᠂ ᠡᠨᠡ ᠵᠢᠯ ᠦᠪᠡᠷᠳᠡᠭᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ | ᠴᠢᠳᠠᠪᠤᠷᠢ ᠶᠢ ᠲᠡᠭᠡᠭᠰᠢᠯᠡᠭᠦᠯᠬᠦ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ ᠪᠦᠬᠦ ᠤᠷᠤᠨ ᠤ ᠬᠡᠪᠴᠢᠶᠡᠨ ᠳᠤ | ᠢᠳᠡᠰᠢᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤᠰᠤᠨ ᠭᠠᠷᠤᠯᠳᠠ ᠶᠢᠨ ᠬᠢᠷᠢ ᠲᠡᠩᠴᠡᠭᠰᠡᠨ | ᠦᠨᠡᠮᠯᠡᠯ ᠤᠨ ᠲᠦᠷᠢᠮ ᠢ ᠲᠤᠷᠰᠢᠨ ᠬᠡᠷᠡᠭᠵᠢᠭᠦᠯᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ | ᠤᠰᠤᠨ ᠭᠠᠷᠤᠯᠳᠠ ᠶᠢᠨ ︽ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠬᠤ︾ ᠶᠢ ᠪᠡᠶᠡᠯᠡᠭᠦᠯᠵᠦ᠂ ᠪᠦᠬᠦ | ᠶᠠᠪᠤᠴᠠ ᠳᠤ ᠮᠦᠷᠳᠡᠬᠦ ᠬᠠᠮᠢᠶᠠᠷᠤᠯᠳᠠ ᠶᠢ ᠭᠦᠢᠴᠡᠳᠭᠡᠵᠤ ᠪᠤᠢ᠃ | ᠤᠢᠢᠷ᠎ᠠ ᠶᠢᠨ ᠵᠢᠯ ᠳᠤ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠭᠢᠮ ᠪᠦᠬᠦ ᠤᠯᠤᠰ ᠲᠤ ᠲᠦᠷᠦᠭᠦᠯᠡᠨ ᠦᠨᠳᠦᠰᠦᠨ ᠱᠠᠳᠤᠨ ᠤ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ | ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠦᠷᠢᠮᠵᠢᠯ ᠪᠠ ᠠᠵᠢᠯ ᠤᠨ ᠲᠦᠷᠢᠮᠵᠢᠯ ᠵᠡᠷᠭᠡ 2 ᠤᠷᠤᠨ | ᠨᠤᠳᠤᠭ ᠤᠨ ᠪᠠᠷᠢᠮᠵᠢᠶ᠎ᠠ ᠶᠢ ᠨᠡᠶᠢᠳᠡᠯᠡᠵᠦ᠂ ᠰᠢᠶᠠᠩ ᠪᠠᠯᠭᠠᠰᠤᠨ ᠤ ᠪᠠᠷᠢᠮᠵᠢᠶᠠᠵᠢᠭᠰᠠᠨ ᠬᠢᠨᠠᠨ ᠬᠠᠮᠢᠶᠠᠷᠤᠯᠳᠠ ᠶᠢᠨ | ᠦᠷᠳᠡᠭᠡ ᠶᠢ 240 ᠭᠠᠷᠤᠢ ᠪᠠᠶᠢᠭᠤᠯᠵᠤ᠂ ᠦᠨᠳᠦᠰᠦᠨ ᠱᠠᠳᠤᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮ ᠢ | ᠲᠠᠰᠤᠷᠠᠯᠳᠠ ᠦᠭᠡᠢ ᠲᠡᠭᠦᠯᠳᠡᠷᠵᠢᠭᠦᠯᠵᠡᠢ᠃ | 2018 ᠤᠨ ᠳᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ | ᠲᠦᠪᠰᠢᠨ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ ᠪᠦᠬᠦ | ᠤᠷᠤᠨ ᠤ ᠡᠯ᠎ᠠ ᠭᠠᠵᠠᠷ ᠲᠤ ᠨᠡᠶᠢᠳᠡᠯᠢᠭ ᠵᠢᠱᠢᠶ᠎ᠠ ᠪᠠᠷ ᠬᠦᠳᠦᠯᠦᠨ ᠲᠠᠭᠠᠭᠤᠯᠬᠤ ᠶᠢ ᠠᠬᠢᠭᠤᠯᠵᠤ᠂ ᠤᠯᠤᠰ᠂ | ᠤᠷᠤᠨ ᠤ ᠱᠠᠳᠤᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ | ᠲᠦᠪᠰᠢᠨ ᠬᠤᠰᠢᠭᠤ ᠰᠢᠶᠠᠨ ᠢ 42 ᠡᠭᠦᠳᠦᠨ ᠪᠠᠶᠢᠭᠤᠯᠵᠤ᠂ ᠡᠭᠦᠳᠦᠨ ᠪᠠᠶᠢᠭᠤᠯᠤᠭᠰᠠᠨ ᠡᠯ᠎ᠠ ᠬᠤᠰᠢᠭᠤ | ᠰᠢᠶᠠᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠡᠷᠦᠩᠬᠡᠢ ᠬᠢᠷᠢ ᠲᠡᠩᠴᠡᠯᠳᠡ ᠶᠢᠨ ᠨᠤᠷᠮ᠎ᠠ | ᠲᠤᠰᠪᠤᠷᠢ ᠵᠠᠭᠤᠨ ᠤ ᠬᠠᠷᠢᠴᠠᠯ ᠢᠶᠠᠷ 2 ᠬᠤᠪᠢ ᠲᠡᠭᠡᠭᠰᠢᠯᠡᠵᠡᠢ᠃ ᠡᠯ᠎ᠠ ᠭᠠᠵᠠᠷ ᠤᠷᠤᠨ ᠤ ᠮᠠᠯ ᠠᠵᠤ ᠠᠬᠤᠢ | ᠲᠠᠷᠢᠶᠠᠯᠠᠩ ᠤᠨ ᠰᠠᠯᠠᠭ᠎ᠠ ᠮᠦᠴᠢᠷ ᠪᠦᠬᠦ ᠶᠠᠪᠤᠴᠠ ᠳᠤ ᠬᠢᠨᠠᠨ ᠬᠠᠮᠢᠶᠠᠷᠤᠯᠳᠠ ᠬᠢᠬᠦ ᠲᠠᠯ᠎ᠠ ᠪᠠᠷ ᠬᠦᠴᠦᠯᠡᠵᠦ᠂ | ᠪᠠᠷᠢᠮᠵᠢᠶᠠᠵᠢᠭᠰᠠᠨ ᠮᠡᠳᠡᠭᠡ ᠵᠠᠩᠭᠢᠵᠢᠭᠰᠠᠨ ᠬᠢᠨᠠᠨ ᠬᠠᠮᠢᠶᠠᠷᠤᠯᠳᠠ ᠶᠢᠨ ᠵᠠᠭᠪᠤᠷ ᠢ ᠪᠠᠶᠢᠭᠤᠯᠵᠤ᠂ ᠲᠤᠮᠤ | ᠳ᠋ᠠᠶᠢᠲ᠋ᠠ ᠶᠢᠨ ᠬᠢᠨᠠᠨ ᠬᠠᠮᠢᠶᠠᠷᠤᠯᠳᠠ ᠬᠢᠭᠡᠳ ᠠᠮᠤᠷ ᠲᠦᠪᠰᠢᠨ ᠤ ᠪᠠᠳᠤᠯᠠᠭ᠎ᠠ ᠶᠢᠨ ᠰᠢᠨ᠎ᠠ ᠰᠢᠰᠲ᠋ᠧᠮ ᠢ ᠤᠯᠠᠮ | ᠨᠢᠭᠡ ᠠᠯᠬᠤᠮ ᠴᠤᠭᠴᠠᠯᠠᠵᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ | ᠠᠮᠤᠷ ᠲᠦᠪᠰᠢᠨ ᠢ ᠬᠢᠨᠠᠨ ᠬᠠᠮᠢᠶᠠᠷᠬᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠡᠢ᠃ |