ᠬᠦᠬᠡᠬᠤᠳᠠ  ᠠᠴᠠ ᠪᠡᠬᠡᠵᠢᠩ ᠬᠦᠷᠬᠦ ᠲᠦᠷᠬᠡᠨ ᠤ ᠲᠡᠮᠦᠷ ᠵᠠᠮ ᠡᠨᠡ ᠵᠢᠯ ᠤᠨ ᠰᠡᠬᠦᠯᠴᠢ ᠪᠠᠷ ᠨᠡᠪᠲᠡᠷᠡᠨ᠎ᠡ
ᠨᠡᠶᠢᠲᠡᠯᠡᠭᠰᠡᠨ ᠴᠠᠭ᠄
2019/6/4
      CRH380BJ-A-0504 ᠬᠤᠷᠳᠤᠴᠠ ᠶᠢ ᠶᠡᠷᠦᠩᠬᠡᠶᠢᠯᠡᠨ ᠰᠢᠯᠭᠠᠵᠦ ᠬᠡᠮᠵᠢᠬᠦ ᠭᠠᠯᠳᠤ ᠲᠡᠷᠬᠡ ᠨᠢ ᠲᠦᠷᠦᠬᠦᠬᠡᠨ ᠬᠦᠬᠡᠬᠤᠳᠠ ᠶᠢᠨ ᠵᠡᠬᠦᠨ ᠭᠠᠯᠳᠤ ᠲᠡᠷᠭᠡᠨ ᠦᠷᠳᠡᠭᠡ ᠳᠤ ᠢᠷᠡᠵᠦ᠂ ᠬᠦᠬᠡᠬᠤᠳᠠ — ᠴᠢᠭᠤᠯᠤᠯᠳᠤ ᠬᠠᠭᠠᠯᠭᠠ ᠬᠦᠷᠬᠦ ᠲᠦᠷᠬᠡᠨ ᠤ ᠲᠡᠮᠦᠷ ᠵᠠᠮ ᠤᠨ ᠤᠯᠠᠭᠠᠨᠴᠠᠪ — ᠬᠤᠧᠠᠢ ᠠᠨ ᠬᠦᠷᠬᠦ ᠬᠡᠰᠡᠭ ᠲᠤ ᠬᠤᠯᠪᠤᠭᠠᠯᠠᠨ ᠲᠤᠬᠢᠷᠠᠭᠤᠯᠵᠦ ᠲᠤᠷᠰᠢᠬᠤ ᠠᠵᠢᠯ ᠢ ᠶᠠᠪᠤᠬᠳᠠᠭᠤᠯᠬᠤ ᠪᠠᠷ ᠪᠡᠯᠡᠬᠡᠨ ᠪᠤᠯᠪᠠ᠃ ᠵᠢᠱᠢᠯᠳᠡ ᠪᠠᠷ᠂ ᠡᠨᠡ ᠵᠢᠯ ᠤᠨ ᠰᠡᠬᠦᠯᠴᠢ ᠪᠠᠷ᠂ ᠬᠦᠬᠡᠬᠤᠳᠠ — ᠴᠢᠭᠤᠯᠤᠯᠳᠤ ᠬᠠᠭᠠᠯᠭ᠎ᠠ ᠬᠦᠷᠬᠦ ᠲᠦᠷᠬᠡᠨ ᠤ ᠲᠡᠮᠦᠷ ᠵᠠᠮ ᠪᠠ ᠤᠳᠤ ᠶᠠᠬ ᠪᠦᠲᠦᠬᠡᠨ ᠪᠠᠶᠢᠭᠤᠯᠵᠦ ᠪᠠᠶᠢᠭ᠎ᠠ ᠪᠡᠭᠡᠵᠢᠩ — ᠴᠢᠭᠤᠯᠤᠯᠳᠤ ᠬᠠᠭᠠᠯᠭᠠ ᠬᠦᠷᠬᠦ ᠲᠦᠷᠬᠡᠨ ᠤ ᠲᠡᠮᠦᠷ ᠵᠠᠮ ᠨᠢ ᠵᠡᠷᠬᠡ  ᠪᠠᠷ ᠭᠠᠯᠳᠤ ᠲᠡᠷᠬᠡ ᠨᠡᠪᠲᠡᠷᠡᠬᠦ ᠶᠢ ᠪᠡᠶᠡᠯᠡᠭᠦᠯᠵᠤ᠂ ᠭᠠᠯᠳᠤ ᠲᠡᠷᠬᠡ  ᠪᠠᠷ ᠬᠥᠬᠡᠬᠤᠲᠠ ᠠᠴᠠ ᠪᠡᠭᠡᠵᠢᠩ ᠬᠦᠷᠬᠦ ᠴᠠᠭ ᠢ 3 ᠴᠠᠭ ᠪᠣᠯᠭᠠᠵᠤ ᠪᠣᠭᠤᠨᠢᠰᠬᠠᠬᠤ ᠪᠣᠯᠣᠨ᠎ᠠ᠃      ᠤᠢᠢᠯᠠᠭᠠᠬᠰᠠᠨ ᠢᠶᠠᠷ᠂ ᠬᠦᠬᠡᠬᠤᠳᠠ — ᠴᠢᠭᠤᠯᠤᠯᠳᠤ ᠬᠠᠭᠠᠯᠭᠠ ᠬᠦᠷᠬᠦ ᠲᠦᠷᠬᠡᠨ ᠤ ᠲᠡᠮᠦᠷ ᠵᠠᠮ ᠤᠨ ᠵᠡᠬᠦᠨ ᠲᠠᠯ᠎ᠠ ᠨᠢ ᠴᠢᠭᠤᠯᠤᠯᠳᠤ ᠬᠠᠭᠠᠯᠭ᠎ᠠ ᠭᠠᠯᠳᠤ ᠲᠡᠷᠬᠡᠨ ᠦᠷᠳᠡᠭᠡ ︵ᠤᠤᠯ ᠤᠨ ᠴᠢᠭᠤᠯᠤᠯᠳᠤ ᠬᠠᠭᠠᠯᠭ᠎ᠠ ᠡᠮᠦᠨ᠎ᠡ ᠭᠠᠯᠳᠤ ᠲᠡᠷᠬᠡᠨ ᠦᠷᠳᠡᠭᠡ︶ ᠠᠴᠠ ᠡᠬᠢᠯᠡᠵᠦ᠂ ᠬᠤᠧᠠᠢ ᠠᠨ ᠭᠠᠯᠳᠤ ᠲᠡᠷᠬᠡᠨ ᠦᠷᠳᠡᠭᠡ᠂ ᠰᠢᠩ ᠾᠧ ᠬᠤᠶᠢᠳᠤ ᠭᠠᠯᠳᠤ ᠲᠡᠷᠬᠡᠨ ᠦᠷᠳᠡᠭᠡ᠂ ᠤᠯᠠᠭᠠᠨᠴᠠᠪ ᠵᠡᠬᠦᠨ ᠭᠠᠯᠳᠤ ᠲᠡᠷᠬᠡᠨ ᠦᠷᠳᠡᠭᠡ ᠶᠢᠨ ᠵᠦᠧᠧᠽᠢ ᠵᠡᠬᠦᠨ ᠭᠠᠯᠳᠤ ᠲᠡᠷᠬᠡᠨ ᠦᠷᠳᠡᠭᠡ᠂ ᠴᠢ ᠰᠢᠶᠠ ᠶᠢᠩ ᠡᠮᠦᠨᠠ ᠭᠠᠯᠳᠤ ᠲᠡᠷᠬᠡᠨ ᠦᠷᠳᠡᠭᠡ  ᠪᠠᠷ ᠦᠩᠬᠡᠷᠡᠵᠦ᠂ ᠬᠦᠬᠡᠬᠤᠳᠠ ᠶᠢᠨ ᠵᠡᠬᠦᠨ ᠭᠠᠯᠳᠤ ᠲᠡᠷᠬᠡᠨ ᠦᠷᠳᠡᠭᠡ ᠳᠤ ᠬᠦᠷᠴᠤ᠂ ᠪᠦᠬᠦ ᠤᠷᠳᠤ ᠨᠢ 286.8 ᠺᠢᠯᠣᠮᠧᠲᠷ ᠪᠠᠶᠢᠵᠦ᠂ ᠲᠦᠯᠦᠪᠯᠡᠵᠤ ᠪᠠᠶᠢᠭ᠎ᠠ ᠬᠤᠷᠳᠤᠴᠠ ᠨᠢ ᠴᠠᠬ ᠪᠦᠷᠢ 250 ᠺᠢᠯᠤᠮᠧᠲᠷ ᠪᠠᠶᠢᠵᠦ᠂ ᠪᠦᠬᠦ ᠪᠡᠯᠡ ᠤᠷᠤᠭᠤᠯᠤᠯᠳᠠ ᠨᠢ 295.97 ᠳ᠋ᠦᠩᠰᠢᠭᠤᠷ ᠲᠦᠬᠦᠷᠢᠭ ᠲᠤ ᠬᠦᠷᠴᠤ᠂ ᠮᠠᠨ ᠤ ᠤᠯᠤᠰ ᠤᠨ ᠪᠠᠷᠠᠭᠤᠨ ᠬᠤᠶᠢᠳᠤ ᠤᠷᠤᠨ᠂ ᠤᠮᠠᠷᠠᠳᠤ ᠤᠷᠤᠨ᠂ ᠵᠡᠬᠦᠨ ᠬᠤᠶᠢᠳᠤ ᠣᠷᠣᠨ ᠢ ᠬᠤᠯᠪᠤᠨ ᠨᠡᠪᠲᠡᠷᠡᠬᠦᠯᠬᠦ ᠴᠢᠬᠤᠯᠠ ᠵᠠᠮ ᠱᠤᠭᠤᠮ ᠪᠤᠯᠬᠤ ᠪᠣᠯᠣᠨ᠎ᠠ᠃ ᠬᠦᠬᠡᠬᠤᠳᠠ — ᠴᠢᠭᠤᠯᠤᠯᠳᠤ ᠬᠠᠭᠠᠯᠭᠠ ᠬᠦᠷᠬᠦ ᠲᠦᠷᠬᠡᠨ ᠤ ᠲᠡᠮᠦᠷ ᠵᠠᠮ ᠤᠨ ᠬᠦᠬᠡᠬᠤᠳᠠ ᠶᠢᠨ ᠵᠡᠬᠦᠨ ᠭᠠᠯᠳᠤ ᠲᠡᠷᠬᠡᠨ ᠦᠷᠳᠡᠭᠡ ᠠᠴᠠ ᠤᠯᠠᠭᠠᠨᠴᠠᠪ ᠬᠦᠷᠬᠦ ᠬᠡᠰᠡᠭ ᠨᠢ 2017ᠤᠨ ᠤ 8 ᠰᠠᠷ᠎ᠠ ᠶᠢᠨ 3 ᠤ ᠡᠳᠦᠷ ᠨᠢᠬᠡᠨᠳᠡ ᠨᠡᠪᠲᠡᠷᠡᠵᠦ ᠠᠰᠢᠬᠯᠠᠯᠳᠠ ᠣᠷᠣᠭᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ