︽ᠲᠠᠯ᠎ᠠ ᠨᠤᠲᠤᠬ ᠤᠨ ᠪᠢᠴᠢᠬᠠᠨ ᠪᠠᠭᠠᠲᠤᠷ ᠡᠭᠡᠴᠢ ᠦᠬᠢᠨ ᠲᠡᠭᠦᠦ︾ ᠪᠦᠵᠢᠭᠲᠦ ᠵᠦᠴᠦᠭᠡ ᠸᠧᠨ ᠬᠤᠸᠠ ᠱᠠᠩᠨᠠᠯ ᠠᠪᠤᠪᠠ
ᠨᠡᠶᠢᠲᠡᠯᠡᠭᠰᠡᠨ ᠴᠠᠭ᠄
2019/6/5
      ᠰᠤᠷᠪᠤᠯᠵᠢᠯᠠᠬᠴᠢ ᠶᠢᠨ ᠤᠶᠢᠯᠠᠭᠠᠬᠰᠠᠨ ᠢᠶᠠᠷ᠂ 6 ᠰᠠᠷ᠎ᠠ ᠶᠢᠨ 2 ᠤᠨ ᠡᠳᠦᠷ ᠤᠨ ᠤᠷᠤᠢ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠬ ᠤᠨ ᠨᠠᠶᠢᠷ ᠤᠨ ᠬᠠᠭᠠᠯᠲᠠ ᠶᠢᠨ ᠶᠤᠰᠤᠯᠠᠯ ᠠᠴᠠ ᠪᠠᠶᠠᠷ ᠤᠨ ᠴᠢᠮᠡᠭᠡ ᠳᠤᠭᠤᠯᠳᠤᠵᠦ᠂ ᠦᠪᠦᠷ ᠮᠤᠩᠭᠤᠯ ᠤᠨ ᠤᠷᠠᠯᠢᠬ ᠤᠨ ᠳᠡᠭᠡᠳᠤ ᠰᠤᠷᠭᠠᠭᠤᠯᠢ ᠶᠢᠨ ᠤᠯᠠᠭᠠᠨᠮᠦ᠋ᠴᠢᠷ ᠤᠨ ᠪᠦᠵᠢᠭ ᠤᠨ ᠪᠠᠬ ᠤᠨ ᠦᠪᠡᠷ ᠢᠶᠠᠨ ᠪᠦᠲᠦᠭᠡᠭᠰᠡᠨ ᠪᠦᠵᠢᠭᠲᠦ ᠵᠦᠴᠦᠭᠡ ︽ᠲᠠᠯ᠎ᠠ ᠨᠤᠲᠤᠬ ᠤᠨ ᠪᠢᠴᠢᠬᠠᠨ ᠪᠠᠭᠠᠲᠤᠷ ᠡᠭᠡᠴᠢ ᠦᠬᠢᠨ ᠲᠡᠭᠦᠦ︾ ᠨᠢ ᠠᠷᠪᠠᠨ ᠵᠢᠷᠭᠤᠳᠤᠭᠠᠷ ᠬᠤᠭᠤᠴᠠᠭᠠᠨ ᠤ ᠸᠧᠨ ᠬᠤᠸᠠ ᠱᠠᠩᠨᠠᠯ ᠤᠨ ᠡᠵᠡᠨ ᠢᠶᠠᠷ ᠲᠤᠳᠤᠷᠠᠵᠦ᠂ ᠦᠪᠦᠷ ᠮᠤᠩᠭᠤᠯ ᠳᠤ ᠸᠧᠨ ᠬᠤᠸᠠ ᠱᠠᠩᠨᠠᠯ ᠪᠠᠶᠢᠭ᠎ᠠ ᠦᠭᠡᠢ ᠲᠡᠦᠬᠡ ᠶᠢ ᠡᠴᠦᠰᠯᠡᠭᠦᠯᠵᠡᠢ᠃      ᠸᠧᠨ ᠬᠤᠸᠠ ᠱᠠᠩᠨᠠᠯ ᠨᠢ ᠳᠤᠮᠳᠠᠳᠤ ᠤᠯᠤᠰ ᠤᠨ ᠵᠠᠰᠠᠬ ᠤᠨ ᠤᠷᠳᠤᠨ ᠤ ᠰᠤᠶᠤᠯ ᠤᠷᠠᠯᠢᠬ ᠤᠨ ᠬᠠᠮᠤᠬ ᠤᠨ ᠳᠡᠭᠡᠳᠤ ᠱᠠᠩᠨᠠᠯ ᠪᠠᠶᠢᠵᠦ᠂ 1991 ᠤᠨ ᠳᠤ ᠤᠯᠤᠰ ᠤᠨ ᠰᠤᠶᠤᠯ ᠵᠢᠭᠤᠯᠴᠢᠯᠠᠯ ᠤᠨ ᠶᠠᠮᠤᠨ ᠠᠴᠠ ᠪᠠᠶᠢᠭᠤᠯᠤᠨ ᠭᠤᠷᠪᠠᠨ ᠵᠢᠯ ᠳᠤ ᠨᠢᠭᠡ ᠤᠳᠠᠭ᠎ᠠ ᠦᠨᠡᠯᠡᠨ ᠱᠠᠩᠨᠠᠳᠠᠬ᠃ ᠪᠦᠵᠢᠭᠲᠦ ᠵᠦᠴᠦᠭᠡ ︽ᠲᠠᠯ᠎ᠠ ᠨᠤᠲᠤᠬ ᠤᠨ ᠪᠢᠴᠢᠬᠠᠨ ᠪᠠᠭᠠᠲᠤᠷ ᠡᠭᠡᠴᠢ ᠦᠬᠢᠨ ᠲᠡᠭᠦᠦ︾ ᠶᠢ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠪᠡᠷᠲᠡᠭᠡᠨ ᠵᠠᠰᠬᠠᠤ ᠤᠷᠤᠨ ᠤ ᠰᠤᠶᠤᠯ ᠵᠢᠭᠤᠯᠴᠢᠯᠠᠯ ᠤᠨ ᠲᠢᠩᠬᠢᠮ᠂ ᠳᠡᠭᠡᠳᠤ ᠰᠤᠷᠭᠠᠭᠤᠯᠢ ᠶᠢᠨ ᠠᠵᠢᠯᠲᠠᠳ ᠤᠨ ᠵᠦᠪᠯᠡᠯ᠂ ᠰᠤᠷᠭᠠᠨ ᠬᠦᠮᠦᠵᠢᠯ ᠤᠨ ᠲᠢᠩᠬᠢᠮ ᠪᠤᠯᠤᠨ ᠦᠪᠦᠷ ᠮᠤᠩᠭᠤᠯ ᠤᠨ ᠤᠷᠠᠯᠢᠬ ᠤᠨ ᠳᠡᠭᠡᠳᠤ ᠰᠤᠷᠭᠠᠭᠤᠯᠢ ᠠᠴᠠ ᠬᠠᠮᠲᠤᠷᠠᠨ ᠪᠦᠲᠦᠭᠡᠵᠦ᠂ ᠴᠤᠷ ᠤᠨ ᠭᠠᠭᠴᠠ ᠦᠪᠦᠷ ᠮᠤᠩᠭᠤᠯ ᠢ ᠲᠦᠯᠦᠭᠡᠯᠡᠨ ᠤᠷᠤᠯᠴᠠᠬᠰᠠᠨ ᠪᠦᠲᠦᠭᠡᠯ ᠪᠤᠯᠵᠦ᠂ ᠪᠤᠰᠤᠳ ᠮᠤᠵᠢ ᠬᠤᠲᠠ ᠨᠤᠭᠤᠳ ᠤᠨ ᠳᠡᠪᠰᠢᠭᠦᠯᠦᠭᠰᠡᠨ 37 ᠪᠦᠲᠦᠭᠡᠯ ᠤᠨ ᠳᠤᠮᠳᠠ ᠠᠴᠠ ᠴᠤᠯᠭᠤᠷᠠᠨ ᠦᠯᠡᠳᠡᠵᠦ᠂ ᠪᠤᠰᠤᠳ 9 ᠰᠢᠯᠢᠳᠡᠭ ᠪᠦᠲᠦᠭᠡᠯ ᠤᠨ ᠬᠠᠮᠲᠤ ᠸᠧᠨ ᠬᠤᠸᠠ ᠱᠠᠩᠨᠠᠯ ᠭᠠᠷᠳᠠᠬᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ