ᠵᠠᠯᠠᠭᠤᠴᠤᠳ ᠪᠠᠭᠠᠴᠤᠳ ᠤᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ | ᠠᠵᠢᠯ ᠢ ᠦᠨᠨᠡᠬᠦ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠬᠤᠤᠷᠲᠤ ᠡᠳ᠋ ᠢ ᠢᠯᠭᠠᠨ ᠲᠠᠨᠢᠬᠤ᠂ | ᠰᠡᠷᠭᠡᠶᠢᠯᠡᠬᠦ᠂ ᠬᠤᠤᠷᠲᠤ ᠡᠳ᠋ ᠢ ᠡᠰᠡᠷᠭᠦᠴᠡᠬᠦ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠣᠰᠠᠳᠠ᠂ 6 | ᠳ᠋ᠤᠭᠠᠷ ᠰᠠᠷ᠎ᠠ ᠶᠢᠨ 27 ᠤ ᠡᠳᠦᠷ᠂ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠬᠤᠷᠢᠨᠭᠡᠷ ᠰᠢᠶᠠᠨ ᠤ ᠨᠠᠨ ᠱᠠᠨ ᠴᠡᠴᠡᠷᠯᠢᠭ ᠲᠤ ᠵᠠᠯᠠᠭᠤᠴᠤᠳ ᠪᠠᠭᠠᠴᠤᠳ ᠤᠨ ᠬᠤᠤᠷᠲᠤ | ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠤᠷᠢᠨᠭᠡᠷ ᠰᠢᠶᠠᠨ ᠤ | ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠵᠢᠶᠠᠨ | ᠴᠢᠩ ᠪᠣᠯᠤᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ ᠢ ᠬᠤᠷᠢᠭᠯᠠᠬᠤ ᠶᠡᠷᠦᠩᠬᠡᠶ | ᠠᠩᠭᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠣᠷ ᠢ ᠬᠤᠷᠢᠭᠯᠠᠬᠤ ᠰᠠᠯᠪᠤᠷᠢ ᠠᠩᠭᠢ᠂ | ᠥᠪᠥᠷ ᠮᠣᠩᠭᠤᠯ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠡ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ | ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠭᠠᠷᠭᠠᠬᠤ᠂ ᠡᠯ᠎ᠡ ᠵᠦᠢᠯ ᠤᠨ ᠡᠳ᠋ ᠪᠣᠳᠠᠰ ᠲᠠᠷᠬᠠᠭᠠᠬᠤ ᠪᠠᠷ | ᠳᠠᠮᠵᠢᠭᠤᠯᠤᠨ᠂ ᠥᠷᠭᠡᠨ ᠣᠯᠠᠨ ᠲᠦᠮᠡᠨ ᠳᠤ ᠤᠯᠠᠮᠵᠢᠯᠠᠯᠲᠤ ᠬᠤᠤᠷᠲᠤ ᠡᠳ᠋᠂ ᠰᠢᠨ᠎ᠡ ᠬᠡᠯᠪᠡᠷᠢ ᠶᠢᠨ ᠬᠤᠤᠷᠲᠤ | ᠡᠳ᠋ ᠤᠨ ᠲᠥᠷᠥᠯ ᠵᠦᠢᠯ ᠵᠢᠴᠢ ᠬᠤᠤᠷ ᠬᠥᠨᠥᠭᠡᠯ ᠢ ᠤᠬᠠᠭᠤᠯᠵᠤ᠂ ᠣᠯᠠᠨ ᠲᠦᠮᠡᠨ ᠳᠤ ᠬᠤᠤᠷᠲᠤ ᠡᠳ᠋ ᠤᠨ | ᠡᠪᠡᠳᠴᠢᠨ ᠤ ᠢᠯᠡᠷᠡᠯ ᠢ ᠬᠡᠷᠬᠢᠨ ᠢᠯᠭᠠᠨ ᠲᠠᠨᠢᠬᠤ ᠶᠢ ᠬᠠᠪᠰᠤᠷᠤᠨ ᠵᠢᠯᠣᠭᠤᠳᠴᠤ᠂ ᠬᠤᠶᠢᠰᠢᠳᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠪᠦᠲᠦᠮᠵᠢᠲᠡᠶ ᠰᠦᠪᠡᠭᠴᠢ ᠬᠠᠩᠭᠠᠬᠤ ᠶᠢᠨ ᠤᠯᠠᠮ ᠠᠴᠠ ᠬᠤᠤᠷᠲᠤ ᠡᠳ᠋ ᠤᠨ | ᠳᠡᠯᠭᠡᠷᠡᠬᠦ ᠶᠢ ᠪᠦᠲᠦᠮᠵᠢᠲᠡᠶ ᠬᠤᠷᠢᠭᠯᠠᠬᠤ ᠪᠣᠯᠭᠠᠨ᠎ᠠ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠬᠤᠤᠷᠲᠤ | ᠡᠳ᠋ ᠶᠢ ᠬᠤᠷᠢᠭᠯᠠᠬᠤ᠂ ᠬᠤᠤᠷᠲᠤ ᠡᠳ᠋ ᠢ ᠰᠡᠷᠭᠡᠶᠢᠯᠡᠬᠦ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ | ᠳᠡᠭᠡᠭᠰᠢᠯᠡᠭᠦᠯᠵᠦ᠂ ᠬᠤᠤᠷᠲᠤ ᠡᠳ᠋ ᠤᠨ ᠬᠤᠪᠢ ᠬᠥᠮᠦᠨ᠂ ᠭᠡᠷ ᠪᠦᠯᠢ ᠳᠤ ᠤᠴᠠᠷᠠᠭᠤᠯᠬᠤ ᠬᠦᠨᠳᠦ ᠨᠣᠴᠢᠲᠠᠶ | ᠬᠤᠤᠷ ᠬᠥᠨᠥᠭᠡᠯ ᠢ ᠣᠯᠠᠨ ᠲᠦᠮᠡᠨ ᠳᠤ ᠲᠠᠨᠢᠭᠤᠯᠵᠤ᠂ ᠥᠷᠭᠡᠨ ᠣᠯᠠᠨ ᠲᠦᠮᠡᠨ ᠤ ︽ᠠᠮᠢ ᠨᠠᠰᠤ ᠪᠠᠨ | ᠨᠠᠨᠳᠢᠩᠨᠠᠵᠤ᠂ ᠬᠤᠤᠷᠲᠤ ᠡᠳ᠋ ᠠᠴᠠ ᠬᠤᠯᠠ ᠵᠠᠶᠢᠳᠠᠭᠤ ᠪᠠᠶᠢᠬᠤ︾ ᠶᠢ ᠬᠥᠲᠥᠯᠥᠨ ᠵᠢᠯᠣᠭᠤᠳᠬᠤ ᠪᠠ ᠠᠬᠢᠭᠤᠯᠵᠤ᠂ | ᠣᠯᠠᠨ ᠲᠦᠮᠡᠨ ᠤ ᠬᠠᠤᠯᠢ ᠳᠦᠷᠢᠮ ᠤᠨ ᠤᠬᠠᠮᠰᠠᠷ ᠢ ᠨᠠᠩ ᠰᠠᠶᠢᠲᠤᠷ ᠳᠡᠭᠡᠭᠰᠢᠯᠡᠭᠦᠯᠦᠨ᠂ ᠬᠥᠮᠦᠨ ᠪᠦᠬᠦᠨ | ᠬᠤᠣᠷ ᠢ ᠬᠤᠷᠢᠭᠯᠠᠬᠤ ᠠᠵᠢᠯ ᠢ ᠠᠩᠬᠠᠷᠬᠤ᠂ ᠬᠥᠮᠦᠨ ᠪᠦᠬᠦᠨ ᠬᠤᠣᠷ ᠢ ᠬᠤᠷᠢᠭᠯᠠᠬᠤ ᠲᠡᠮᠡᠴᠡᠯ ᠳᠤ ᠣᠷᠣᠯᠴᠠᠬᠤ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ |