ᠺᠠᠩ ᠶᠦᠩ ᠴᠢᠶᠠᠩ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠵᠦ ᠭᠤᠤᠯᠳᠠᠯᠭ᠎ᠠ ᠲᠠᠢ ᠲᠥᠷᠥᠯ ᠵᠦᠶᠯ  ᠢ ᠠᠬᠢᠭᠤᠯᠤᠭᠰᠠᠨ ᠪᠠᠢᠳᠠᠯ ᠳᠤ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-07-10
     7 ᠳ᠋ᠤᠭᠠᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ᠂ ᠰᠢᠶᠠᠨ ᠤ ᠳᠡᠳ᠋ ᠳᠠᠷᠤᠭ᠎ᠠ ᠵᠠᠩ ᠰᠢᠶᠧ ᠵᠢᠶᠦ᠋ᠨ᠂ ᠴᠢ ᠵᠢᠶᠦ᠋ᠨ ᠬᠤ᠋᠂ ᠱᠢ ᠶᠦᠩ ᠫᠢᠩ ᠵᠡᠷᠭᠡ ᠰᠢᠶᠠᠨ ᠤ ᠤᠳᠤᠷᠢᠳᠤᠯᠭ᠎ᠠ ᠨᠠᠷ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠡᠷ ᠪᠠᠶᠢᠰᠢᠩ ᠲᠠᠲᠠᠪᠤᠷᠢᠯᠠᠬᠤ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠡᠨᠡ ᠵᠢᠯ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ  ᠶᠢᠨ ᠪᠠᠶᠢᠳᠠᠯ ᠢ ᠪᠠᠶᠢᠴᠠᠭᠠᠨ ᠰᠤᠳᠤᠯᠪᠠ᠃       ᠪᠠᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠨ ᠨᠡᠷ ᠤᠷᠢᠳ ᠬᠤᠵᠢᠳ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠴᠡᠭ᠂ ᠰᠣᠶᠣᠯ ᠲᠠᠮᠢᠷ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ᠂ ᠡᠮᠨᠡᠯᠭᠡ ᠶᠢᠨ ᠬᠤᠷᠢᠶ᠎ᠠ ᠶᠢᠨ ᠵᠠᠮ᠂ ᠶᠠᠪᠠᠭᠠᠨ ᠬᠥᠮᠦᠨ ᠤ ᠵᠠᠮ ᠵᠡᠷᠭᠡ ᠭᠠᠵᠠᠷ ᠲᠤ ᠭᠦᠨᠵᠡᠭᠡᠶᠢᠷᠡᠪᠡ᠃ ᠬᠦᠷᠦᠭᠰᠡᠨ ᠭᠠᠵᠠᠷ ᠪᠣᠯᠭᠠᠨ  ᠳᠤ ᠺᠠᠩ ᠶᠦᠩ ᠴᠢᠶᠠᠩ ᠵᠡᠷᠭᠡ ᠬᠥᠮᠦᠰ ᠴᠥᠮ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠤᠭᠰᠠᠨ ᠪᠥᠭᠡᠳ ᠣᠳᠣᠬᠠᠨ ᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠺᠠᠩ ᠶᠦᠩ ᠴᠢᠶᠠᠩ᠂ ᠲᠥᠷᠥᠯ ᠵᠦᠶᠯ ᠤᠨ ᠪᠦᠲᠦᠭᠡᠨ ᠪᠠᠢᠭᠤᠯᠤᠯᠲᠠ ᠳᠤ ᠨᠢᠭᠡᠳᠦᠯᠲᠡᠶ ᠲᠥᠯᠥᠪᠵᠢᠭᠦᠯᠦᠨ ᠤᠶᠠᠯᠳᠤᠭᠤᠯᠬᠤ ᠶᠢ ᠪᠠᠷᠢᠮᠲᠠᠯᠠᠵᠤ᠂ ᠵᠣᠬᠢᠰᠲᠠᠶ ᠪᠠᠶᠢᠷᠢᠰᠢᠭᠤᠯᠵᠤ᠂ ᠤᠷᠢᠳᠴᠢᠯᠠᠨ ᠲᠥᠯᠥᠪᠵᠢᠭᠦᠯᠵᠦ᠂ ᠬᠠᠷᠠᠯᠲᠠ ᠡᠭᠦᠷᠭᠡ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠲᠦᠷᠭᠡᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠪᠠᠷᠢᠯᠭ᠎ᠠ ᠶᠢᠨ ᠲᠤᠬᠠᠶ  ᠶᠢᠨ ᠲᠠᠯᠠᠪᠠᠢ ᠶᠢ ᠴᠢᠩᠭ᠎ᠠ ᠠᠩᠬᠠᠷᠴᠤ᠂ ᠢᠨᠵᠧᠨᠧᠷᠢᠩ ᠨᠢᠭᠡᠪᠦᠷᠢ ᠶᠢ ᠴᠥᠮ ᠴᠢᠨᠠᠷ ᠰᠠᠶᠢᠲᠠᠶ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ᠂ ᠣᠯᠠᠨ ᠲᠦᠮᠡᠨ ᠬᠠᠨᠤᠮᠵᠢᠲᠠᠶ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃      ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠺᠠᠩ ᠶᠦᠩ ᠴᠢᠶᠠᠩ ᠨᠠᠷ ᠰᠢᠶᠠᠨ ᠤ ᠵᠠᠰᠠᠭ ᠤᠨ ᠣᠷᠳᠣᠨ ᠳᠤ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ  ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号