ᠴᠡᠴᠡᠭ ᠰᠠᠭᠤᠯᠭᠠᠬᠤ ᠤᠷᠠᠯᠢᠭ ᠤᠨ ᠦᠵᠡᠭᠦᠯᠭᠡ ᠬᠦᠬᠡᠬᠤᠳᠠ ᠳᠤ ᠶᠠᠪᠤᠬᠳᠠᠪᠠ
ᠨᠡᠶᠢᠲᠡᠯᠡᠭᠰᠡᠨ ᠴᠠᠭ᠄
2019-07-11
     7 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 98 ᠵᠢᠯ ᠤᠨ ᠤᠢ ᠶᠢ ᠲᠤᠷᠠᠰᠬᠠᠵᠤ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠬᠦ ᠪᠠᠷ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠳᠤᠨ᠂ ᠦᠪᠦᠷ ᠮᠤᠩᠭᠤᠯ ᠤᠨ ᠴᠡᠴᠡᠭ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ︽ᠪᠢ ᠡᠬᠡ ᠤᠯᠤᠰ ᠲᠠᠭᠠᠨ ᠵᠦᠩᠨᠡᠯ ᠳᠡᠪᠰᠢᠭᠦᠯᠦᠨ᠎ᠠ︾ ᠰᠡᠳᠤᠪᠳᠤ ᠴᠡᠴᠡᠭ ᠰᠠᠭᠤᠯᠭᠠᠬᠤ ᠤᠷᠠᠯᠢᠭ ᠤᠨ ᠦᠵᠡᠭᠦᠯᠭᠡ ᠬᠦᠬᠡᠬᠤᠳᠠ ᠳᠤ ᠶᠠᠪᠤᠭᠳᠠᠵᠠᠢ᠃     ᠲᠤᠰ ᠤᠳᠠᠭ᠎ᠠ ᠶᠢᠨ ᠦᠵᠡᠭᠦᠯᠭᠡ ᠨᠢ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠶ᠎ᠡ︾ ᠭᠤᠤᠯ ᠰᠡᠳᠦᠪᠳᠦ ᠬᠦᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ ᠴᠡᠴᠡᠭ ᠰᠠᠭᠤᠯᠭᠠᠬᠤ ᠴᠡᠴᠡᠭ ᠤᠨ ᠤᠷᠠᠯᠢᠭ ᠤᠨ ᠢᠯᠡᠳᠭᠡᠬᠦ ᠬᠡᠯᠪᠡᠷᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ ᠠᠴᠠ ᠨᠠᠭᠠᠰᠢᠬᠢ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ᠂ ᠠᠵᠤ ᠠᠬᠤᠢ᠂ ᠰᠤᠶᠤᠯ ᠪᠤᠯᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠵᠡᠷᠭᠡ ᠲᠠᠯ᠎ᠠ ᠳᠤ ᠤᠯᠤᠬᠰᠠᠨ ᠠᠭᠤᠤ ᠶᠡᠭᠡ ᠠᠮᠵᠢᠯᠳᠠ ᠶᠢ ᠮᠠᠬᠳᠠᠨ ᠳᠠᠭᠤᠯᠠᠵᠠᠢ᠃ ᠲᠤᠰ ᠤᠳᠠᠭᠠᠨ ᠤ ᠦᠵᠡᠭᠦᠯᠭᠡ ᠳᠤ ᠴᠡᠴᠡᠭ ᠤᠨ ᠨᠡᠶᠢᠭᠡᠮᠯᠢᠭ ᠤᠨ ᠨᠡᠷᠡᠳᠦ ᠴᠡᠴᠡᠭ ᠤᠨ ᠤᠷᠠᠯᠢᠭᠴᠢᠳ ᠤᠨ ᠤᠷᠠᠯᠠᠬᠰᠡᠨ 26 ᠴᠡᠴᠡᠭ ᠤᠨ ᠤᠷᠠᠯᠢᠭ ᠤᠨ ᠪᠦᠲᠦᠭᠡᠯ ᠢ ᠳᠡᠯᠭᠡᠨ ᠦᠵᠡᠭᠦᠯᠪᠡ᠃ ᠤᠷᠠᠨ ᠪᠦᠲᠦᠭᠡᠯ ᠪᠤᠯᠭᠠᠨ ᠨᠢ ᠠᠷᠠᠳ ᠲᠦᠮᠡᠨ ᠤ ᠵᠢᠷᠭᠠᠯᠳᠤ ᠠᠮᠢᠳᠤᠷᠠᠯ ᠪᠤᠯᠤᠨ ᠲᠠᠯ᠎ᠠ ᠨᠤᠳᠤᠭ ᠤᠨ ᠬᠦᠪᠡᠭᠦᠳ ᠦᠬᠢᠳ ᠤᠨ ᠨᠠᠮ ᠪᠠ ᠡᠬᠡ ᠤᠯᠤᠰ ᠲᠠᠭᠠᠨ ᠲᠡᠪᠰᠢᠭᠦᠯᠦᠭᠰᠡᠨ ᠬᠠᠶᠢᠷ᠎ᠠ ᠰᠡᠳᠬᠢᠯᠭᠡ ᠪᠤᠯᠤᠨ ᠬᠦᠰᠡᠯ ᠵᠦᠩᠨᠡᠯ ᠢ ᠢᠯᠡᠳᠭᠡᠵᠠᠢ᠃     ᠡᠬᠢᠯᠡᠯᠳᠡ ᠶᠢᠨ ᠶᠤᠰᠤᠯᠠᠯ ᠤᠨ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠶᠢᠨ ᠠᠶᠠᠰ ᠲᠤ ᠲᠤᠬᠠᠢ ᠶᠢᠨ ᠳᠠᠯᠠᠪᠠᠢ ᠳᠤ ᠴᠡᠴᠡᠭ ᠰᠤᠨᠢᠷᠬᠠᠵᠤ ᠪᠠᠶᠢᠬᠰᠠᠨ ᠬᠦᠮᠦᠰ ᠪᠦᠭᠦᠳᠡᠭᠡᠷ ᠢᠶᠠᠨ ᠭᠠᠷ ᠲᠠᠬᠢ ᠤᠯᠠᠭᠠᠨ ᠲᠤᠭ ᠢᠶᠠᠨ ᠡᠷᠭᠦᠵᠤ ᠂ ᠬᠠᠮᠳᠤ ᠪᠠᠷ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠶᠢ ᠳᠠᠭᠤᠯᠠᠵᠤ᠂ ᠡᠬᠡ ᠤᠯᠤᠰ ᠢᠶᠠᠨ ᠬᠠᠶᠢᠷᠠᠯᠠᠵᠤ ᠪᠠᠶᠢᠭ᠎ᠠ ᠬᠠᠶᠢᠷ᠎ᠠ ᠰᠡᠳᠬᠢᠯᠭᠡ ᠪᠠᠨ ᠢᠯᠡᠳᠭᠡᠯ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号