ᠮᠠᠨ ᠤ ᠬᠤᠲᠠ 2019 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2019/7/11
      ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠦ ᠯᠢ ᠬᠤᠸᠠ︶ ᠰᠤᠷᠪᠤᠯᠵᠢᠯᠠᠭᠴᠢ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠣᠶᠢᠯᠭᠠᠭᠰᠠᠨ ᠨᠢ᠂ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠴᠤᠭᠯᠠᠭᠤᠯᠤᠨ ᠨᠡᠶᠢᠯᠡᠭᠦᠯᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ︵ᠲᠡᠮᠦᠷ ᠵᠠᠮ ᠤᠨ ᠬᠤᠪᠢᠶᠠᠷᠢ ᠲᠥᠪ ᠪᠠᠭᠲᠠᠨ᠎ᠠ︶ 2019 ᠣᠨ ᠤ 7 ᠳ᠋ᠤᠭᠠᠷ ᠰᠠᠷ᠎ᠠ ᠠᠴᠠ ᠡᠬᠢᠯᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃      ᠣᠶᠢᠯᠠᠭᠠᠭᠰᠠᠨ ᠢᠶᠠᠷ᠂ ᠪᠣᠳᠠᠲᠠᠶ ᠲᠣᠬᠢᠷᠠᠭᠤᠯᠤᠯᠲᠠ ᠨᠢ ᠳᠣᠤᠷᠠᠬᠢ ᠮᠡᠲᠦ᠄ 2019 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠨ ︵2019 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠳᠣᠷᠣᠭᠰᠢ ᠠᠳᠠᠯᠢ︶ ᠲᠤᠰᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠨᠢ ︽2018 ᠣᠨ ᠤ ᠬᠥᠬᠡᠬᠤᠲᠠ ᠶᠢᠨ ᠠᠵᠢᠯ ᠶᠢᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ 5892 ᠲᠥᠭᠦᠷᠢᠭ︾ ᠤᠨ 3 ᠲᠠᠬᠢᠨ ᠠᠴᠠ ᠥᠨᠳᠥᠷ ᠪᠠᠶᠢᠵᠤ ᠪᠣᠯᠬᠤ ᠥᠬᠡᠶ᠂ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠤᠭ᠎ᠠ ᠶᠢᠨ ᠳᠡᠭᠡᠷ᠎ᠡ ᠬᠢᠵᠠᠭᠠᠷ ᠨᠢ 4242 ᠲᠥᠭᠦᠷᠢᠭ︔ 2019 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠨ ᠤ ᠲᠤᠰᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠶᠢᠨ ᠳᠣᠤᠷ᠎ᠠ ᠬᠢᠵᠠᠭᠠᠷ ᠢ ︽ᠬᠥᠬᠡᠬᠤᠲᠠ ᠶᠢᠨ ᠳᠣᠲᠣᠷᠠᠬᠢ ᠳᠥᠷᠪᠡᠨ ᠲᠣᠭᠤᠷᠢᠭ ᠤᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ 1760 ᠲᠥᠭᠦᠷᠢᠭ / ᠰᠠᠷ᠎ᠠ᠂ ᠬᠤᠲᠠ ᠶᠢᠨ ᠬᠠᠷᠢᠶ᠎ᠠ ᠲᠠᠪᠤᠨ ᠬᠤᠰᠢᠭᠤ ᠰᠢᠶᠠᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ 1660 ᠲᠥᠭᠦᠷᠢᠭ / ᠰᠠᠷ᠎ᠠ︾ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ︵ᠲᠡᠮᠦᠷ ᠵᠠᠮ ᠤᠨ ᠬᠤᠪᠢᠶᠠᠷᠢ ᠲᠥᠪ ᠤᠨ ᠲᠤᠰᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠶᠢᠨ ᠳᠣᠣᠷᠠᠳᠤ ᠬᠢᠵᠠᠭᠠᠷ ᠢ ᠬᠥᠬᠡᠬᠤᠲᠠ ᠶᠢᠨ ᠳᠣᠲᠣᠷᠠᠬᠢ ᠳᠥᠷᠪᠡᠨ ᠲᠣᠭᠤᠷᠢᠭ ᠤᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︶︔ ᠰᠠᠶᠢᠨ ᠳᠤᠷ᠎ᠠ ᠠᠴᠠ ᠪᠠᠨ ᠲᠤᠰᠢᠶᠠᠨ ᠬᠠᠳᠠᠭᠠᠯᠠᠭᠰᠠᠳ ︵︽ᠰᠢᠨ᠎ᠡ ᠬᠤᠲᠠ ᠶᠢᠨ ᠠᠷᠠᠳ︾ ᠤᠨ ᠬᠠᠮᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠴᠢᠯᠥᠭᠡᠲᠦ ᠠᠵᠢᠯᠲᠠᠨ ᠪᠠᠭᠲᠠᠨ᠎ᠠ︶ ᠤᠨ 2019 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠨ ᠤ ᠲᠤᠰᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠶᠢ ︽2018 ᠣᠨ ᠤ ᠬᠥᠬᠡᠬᠤᠲᠠ ᠶᠢᠨ ᠠᠵᠢᠯ ᠶᠢᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ 5892 ᠲᠥᠭᠦᠷᠢᠭ︾ ᠤᠨ 1 — 3 ᠳᠠᠬᠢᠨ ︵ᠪᠦᠬᠦᠯᠢ ᠲᠣᠭᠠᠨ ᠤ ᠳᠠᠬᠢᠨ︶ ᠢᠶᠠᠷ ᠪᠣᠳᠣᠨ᠎ᠠ᠂ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠤᠭ᠎ᠠ ᠶᠢᠨ ᠳᠣᠣᠷᠠᠳᠤ ᠬᠢᠵᠠᠭᠠᠷ ᠨᠢ 590 ᠲᠥᠭᠦᠷᠢᠭ᠂ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠤᠭ᠎ᠠ ᠶᠢᠨ ᠳᠡᠭᠡᠷ᠎ᠡ ᠬᠢᠵᠠᠭᠠᠷ ᠨᠢ 4242 ᠲᠥᠭᠦᠷᠢᠭ ᠪᠣᠯᠤᠨ᠎ᠠ᠃
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ