ᠳᠣᠭᠳᠠᠬᠤ ᠰᠢᠶᠠᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠦᠳᠡᠭᠡᠲᠤᠰᠬᠤᠨ ᠳᠤ ᠣᠷᠣᠭ᠋᠊
ᠨᠡᠶᠢᠲᠡᠯᠡᠭᠰᠡᠨ ᠴᠠᠭ᠄
2019-07-15
      ᠣᠶᠢᠷ᠎ᠠ ᠳᠤ ᠬᠦᠬᠡᠬᠤᠳᠠ ᠶᠢᠨ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠤᠬᠠᠭᠤᠯᠤᠨ ᠲᠠᠶᠢᠯᠪᠤᠷᠢᠯᠠᠬᠤ ᠪᠦᠯᠬᠦᠮ ᠦᠦᠰᠢᠨ ᠪᠠᠯᠭᠠᠰᠤᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠦᠦᠰᠢᠨ ᠦᠦᠰᠢᠨ ᠪᠠᠯᠭᠠᠰᠤ ᠶᠢᠨ ᠬᠡᠰᠡᠭ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠠᠷᠠᠳ ᠤᠨ ᠵᠥᠪᠯᠡᠯ ᠤᠨ ᠪᠦᠷᠢᠯᠳᠦᠬᠦᠨ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠵᠠᠢ᠃      ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠭᠦᠯᠵᠦ ᠪᠠᠶᠢᠭ᠎ᠠ ᠴᠠᠬ᠂ ᠠᠬᠤᠢ ᠪᠠᠶᠢᠳᠠᠯ᠂ ᠠᠴᠢ ᠬᠤᠯᠪᠤᠬᠳᠠᠯ᠂ ᠬᠠᠷᠠᠯᠳᠠ ᠡᠬᠦᠷᠬᠡ ᠪᠤᠯᠤᠨ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷ᠎ᠠ ᠪᠦᠷᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠤᠨ 17 ᠵᠦᠢᠯ ᠤᠨ ᠴᠣᠬᠢᠯᠲᠠ ᠥᠭᠬᠦ ᠭᠤᠣᠯᠳᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠶᠠᠪᠤᠭᠳᠠᠵᠤ᠂ ᠨᠠᠮ ᠪᠠ ᠵᠠᠰᠠᠬ ᠤᠨ ᠣᠷᠳᠣᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠢᠲᠡᠭᠡᠯ ᠵᠣᠷᠢᠭ ᠢ ᠲᠣᠳᠣᠷᠬᠠᠶᠢᠯᠠᠨ ᠥᠭᠦᠯᠡᠵᠡᠢ᠃      ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠲᠠᠮᠵᠢᠨ᠂ ᠦᠨᠳᠦᠰᠦᠨ ᠱᠠᠲᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠦᠳᠭᠡᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠤᠯᠠᠮ ᠰᠠᠶᠢᠨ ᠪᠤᠢ ᠪᠣᠯᠭᠠᠵᠤ᠂ ᠤᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ ᠶᠠᠯᠠᠲᠤ ᠬᠡᠷᠡᠭ ᠤᠨ ᠰᠦᠪᠡᠭᠴᠢ ᠶᠢ ᠢᠳᠡᠪᠬᠢᠳᠡᠢ ᠢᠯᠡᠴᠢᠯᠡᠨ ᠮᠡᠳᠡᠬᠦᠯᠬᠦ ᠶᠢ ᠤᠯᠠᠮ ᠵᠤᠷᠢᠭᠵᠢᠭᠤᠯᠤᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠡᠨᠡᠬᠦ ᠠᠷᠠᠳ ᠤᠨ ᠳᠠᠶᠢᠨ ᠤ ᠢᠯᠠᠯᠲᠠ ᠣᠯᠬᠤ ᠶᠢ ᠠᠬᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号