ᠠᠷᠪᠠᠨ ᠨᠢᠭᠡᠳᠥᠭᠡᠷ ᠬᠤᠭᠤᠴᠠᠭᠠᠨ ᠤ ᠪᠥᠬᠦ ᠤᠯᠤᠰ ᠤᠨ ᠴᠥᠬᠡᠨ ᠲᠤᠭᠠᠳᠤ ᠥᠨᠳᠥᠰᠥᠲᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠤᠷᠢᠨ ᠤ ᠲᠥᠷᠥᠯ ᠤᠨ ᠤᠷᠤᠯᠳᠤᠭᠠᠨ ᠤᠨ ᠨᠢᠭᠡᠳᠥᠭᠡᠷ ᠲᠡᠮᠡᠴᠡᠭᠡᠨ ᠠᠮᠵᠢᠯᠲᠠ ᠲᠠᠢ ᠪᠤᠯᠪᠠ
ᠨᠡᠶᠢᠲᠡᠯᠡᠭᠰᠡᠨ ᠴᠠᠭ᠄
2019-07-15
      7 ᠰᠠᠷ᠎ᠠ ᠶᠢᠨ12 ᠤᠨ ᠡᠳᠥᠷ᠂ ᠠᠷᠪᠠᠨ ᠨᠢᠭᠡᠳᠥᠭᠡᠷ ᠬᠤᠭᠤᠴᠠᠭᠠᠨ ᠤ ᠪᠥᠬᠦ ᠤᠯᠤᠰ ᠤᠨ ᠴᠥᠬᠡᠨ ᠲᠤᠭᠠᠳᠤ ᠥᠨᠳᠥᠰᠥᠲᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠤᠷᠢᠨ ᠤ ᠲᠥᠷᠥᠯ ᠤᠨ ᠤᠷᠤᠯᠳᠤᠭᠠᠨ ᠤᠨ ᠨᠢᠭᠡᠳᠥᠭᠡᠷ ᠲᠡᠮᠡᠴᠡᠭᠡᠨ ᠪᠤᠯᠬᠤ 1000 ᠮᠧᠲᠷ ᠤᠨ ᠥᠨᠳᠥᠰᠥᠲᠡᠨ ᠤ ᠮᠤᠷᠢᠨ ᠤ ᠤᠷᠤᠯᠳᠤᠭᠠᠨ ᠨᠢ ᠥᠪᠥᠷ ᠮᠤᠩᠭᠤᠯ ᠤᠨ ᠬᠥᠬᠡᠬᠤᠲᠠ ᠳᠤ ᠶᠠᠪᠤᠭᠳᠠᠪᠠ᠃ ᠤᠯᠤᠰ ᠤᠨ ᠥᠨᠳᠥᠰᠥᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠲᠡᠳ᠋ ᠡᠷᠬᠢᠯᠡᠭᠴᠢ ᠬᠥᠸᠧ ᠸᠧᠢ ᠫᠢᠩ ᠰᠢᠯᠢᠳᠡᠭ ᠬᠢᠷᠢ ᠪᠥᠳᠥᠮᠵᠢ ᠤᠯᠤᠭᠰᠠᠨ ᠲᠠᠮᠢᠷᠴᠢᠳ  ᠲᠤ ᠱᠠᠩᠨᠠᠯ ᠭᠠᠷᠳᠠᠭᠤᠯᠤᠭᠰᠠᠨ ᠤ ᠬᠠᠮᠳᠤ ᠲᠡᠳᠡᠨ ᠢ ᠵᠠᠯᠭᠠᠪᠡᠷ ᠮᠡᠷᠡᠶᠢᠨ ᠴᠢᠷᠮᠠᠶᠢᠵᠤ᠂ ᠠᠬᠢᠨ ᠰᠢᠯᠢᠳᠡᠭ ᠬᠢᠷᠢ ᠪᠥᠳᠥᠮᠵᠢ ᠡᠭᠦᠳᠬᠦ ᠶᠢ  ᠵᠤᠷᠢᠭᠵᠢᠭᠤᠯᠪᠠ᠃      ᠥᠪᠥᠷ ᠮᠤᠩᠭᠤᠯ᠂ ᠰᠢᠨᠵᠢᠶᠠᠩ᠂ ᠾᠧᠨᠠᠨ᠂ ᠶᠥᠨᠠᠨ᠂ ᠱᠠᠨ ᠰᠢ᠂ ᠲᠥᠪᠡᠳ ᠪᠠ ᠰᠢᠨᠵᠢᠶᠠᠩ ᠤᠨ ᠪᠥᠳᠥᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ 7 ᠲᠥᠯᠥᠭᠡᠯᠡᠭᠴᠢᠳ ᠤᠨ ᠠᠩᠬᠢ ᠶᠢᠨ 25 ᠲᠠᠮᠢᠷᠴᠢᠳ ᠲᠤᠰ ᠤᠷᠤᠯᠳᠤᠭᠠᠨ ᠳᠤ ᠤᠷᠤᠯᠴᠠᠪᠠ᠃ ᠬᠤᠷᠴᠠ ᠰᠢᠷᠥᠭᠦᠨ ᠥᠷᠢᠰᠥᠯᠳᠥᠭᠡᠨ ᠲᠤᠤᠷ᠎ᠠ᠂ ᠥᠪᠥᠷ ᠮᠤᠩᠭᠤᠯ ᠤᠨ ᠲᠥᠯᠥᠭᠡᠯᠡᠭᠴᠢ ᠶᠢᠨ ᠠᠩᠬᠢ ᠶᠢᠨ ᠮᠥᠬᠠᠳᠠᠯᠠᠯ᠂ ᠮᠠᠶᠢᠳᠠᠨᠨᠢᠪᠺ ᠲᠡᠷᠢᠭᠦᠨ ᠨᠡᠷᠡᠰ ᠲᠤ ᠲᠤᠳᠤᠷᠠᠭᠰᠠᠨ ᠪᠠᠶᠢᠨ᠎ᠠ᠃      ᠲᠤᠰ ᠬᠤᠭᠤᠴᠠᠭᠠᠨ ᠤ ᠮᠤᠷᠢᠨ ᠤ ᠲᠥᠷᠥᠯ ᠤᠨ ᠤᠷᠤᠯᠳᠤᠭᠠᠨ ᠤ ᠥᠨᠳᠥᠰᠥᠲᠡᠨ ᠤ ᠮᠤᠷᠢᠨ ᠤᠷᠤᠯᠳᠤᠭᠠᠨ  ᠨᠢ 1000 ᠮᠧᠲᠷ᠂ 2000 ᠮᠧᠲᠷ᠂ 3000 ᠮᠧᠲᠷ᠂ 5000 ᠮᠧᠲᠷ ᠪᠠ 8000 ᠮᠧᠲᠷ ᠬᠡᠮᠡᠨ 5 ᠲᠥᠷᠥᠯ ᠬᠤᠪᠢᠶᠠᠵᠤ᠂ ᠲᠤᠰᠪᠤᠷᠢ 7 ᠰᠠᠷ᠎ᠠ ᠶᠢᠨ12   ᠤᠨ ᠡᠳᠥᠷ᠂ 14 ᠤ ᠡᠳᠥᠷ᠂ 15 ᠤ ᠡᠳᠥᠷ ᠵᠢᠴᠢ 17  ᠤ ᠡᠳᠥᠷ ᠶᠠᠪᠤᠭᠳᠠᠬᠤ ᠪᠤᠯᠤᠨ᠎ᠠ᠃
 
ᠢᠷᠡᠯᠲᠡ᠄ ᠮᠣᠩᠭᠤᠯ ᠷᠠᠳᠢᠣ᠋ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号