ᠬᠦᠬᠡᠬᠤᠳᠠ ᠶᠢᠨ ᠬᠤᠷᠢᠨᠭᠡᠷ ᠰᠢᠨ᠎ᠡ ᠲᠣᠭᠤᠷᠢᠭ ᠤᠨ ᠶᠢᠨ ᠱᠧᠩ ᠲᠦᠷᠭᠡᠨ ᠬᠤᠷᠳᠤᠴᠠᠲᠤ ᠵᠠᠮ ᠤᠨ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠡᠮᠦᠨ᠎ᠡ ᠬᠡᠰᠡᠭ ᠵᠢᠩᠬᠢᠨᠢ ᠪᠠᠷ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2019/7/15
      7 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠦᠬᠡᠬᠤᠳᠠ ᠶᠢᠨ ᠬᠤᠷᠢᠨᠭᠡᠷ ᠰᠢᠨ᠎ᠡ ᠲᠣᠭᠤᠷᠢᠭ ᠤᠨ ᠶᠢᠨ ᠱᠧᠩ ᠲᠦᠷᠭᠡᠨ ᠬᠤᠷᠳᠤᠴᠠᠲᠤ ᠵᠠᠮ ᠢ ᠳᠡᠰ ᠳᠡᠪᠰᠢᠬᠦᠯᠤᠨ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠡᠮᠦᠨ᠎ᠡ ᠬᠡᠰᠡᠭ ᠵᠢᠩᠬᠢᠨᠢ ᠪᠠᠷ ᠲᠡᠷᠭᠡ ᠨᠡᠪᠲᠡᠷᠡᠪᠡ᠃      ᠣᠶᠢᠯᠭᠠᠭᠰᠠᠨ ᠢᠶᠠᠷ᠂ ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠤᠮᠵᠢ ᠶᠢᠨ ᠴᠢᠨᠠᠷᠲᠠᠢ ᠪᠠᠷᠢᠯᠭ᠎ᠠ ᠪᠣᠯᠤᠭᠰᠠᠨ ᠤ ᠬᠤᠪᠢ ᠳᠤ᠂ ᠶᠢᠨ ᠱᠧᠩ ᠲᠦᠷᠭᠡᠨ ᠬᠤᠷᠳᠤᠴᠠᠳᠤ ᠵᠠᠮ ᠤᠨ ᠳᠡᠰ ᠳᠡᠪᠰᠢᠬᠦᠯᠦᠨ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠬᠦᠬᠡᠬᠤᠳᠠ ᠠᠴᠠ ᠬᠤᠷᠢᠨᠭᠡᠷ ᠰᠢᠨ᠎ᠡ ᠲᠣᠭᠤᠷᠢᠭ ᠲᠤ ᠬᠦᠷᠲᠡᠯ᠎ᠡ 15 — 20 ᠮᠢᠨᠦ᠋ᠲ ᠠᠷᠪᠢᠯᠠᠬᠤ ᠪᠣᠯᠣᠨ᠎ᠠ᠃ ᠶᠢᠨ ᠱᠧᠩ ᠲᠦᠷᠭᠡᠨ ᠬᠤᠷᠳᠤᠴᠠᠲᠤ ᠵᠠᠮ ᠪᠣᠯ ᠬᠤᠷᠢᠨᠭᠡᠷ ᠰᠢᠨ᠎ᠡ ᠲᠣᠭᠤᠷᠢᠭ ᠪᠣᠯᠤᠨ ᠬᠥᠬᠡᠬᠤᠲᠠ ᠶᠢᠨ ᠭᠤᠣᠯ ᠬᠤᠲᠠ ᠶᠢᠨ ᠲᠣᠭᠤᠷᠢᠭ ᠢ ᠵᠠᠯᠭᠠᠬᠤ ᠴᠢᠬᠤᠯᠠ ᠵᠠᠮ ᠬᠠᠷᠢᠯᠴᠠᠭᠠᠨ ᠤ ᠱᠤᠭᠤᠮ ᠪᠣᠯᠣᠨ᠎ᠠ᠂ ᠳᠤᠰ ᠵᠠᠮ ᠨᠢ ᠡᠮᠦᠨᠡ ᠠᠴᠠ ᠶᠢᠨ ᠱᠸᠡᠭ ᠵᠠᠮ ᠪᠠ ᠰᠢᠨ᠎ᠡ ᠲᠣᠭᠤᠷᠢᠭ ᠤᠨ ᠲᠥᠯᠥᠪᠵᠢᠭᠦᠯᠦᠭᠰᠡᠨ ᠬᠤᠶᠢᠲᠤ ᠲᠣᠭᠤᠷᠢᠯ ᠵᠠᠮ ᠤᠨ ᠠᠭᠤᠯᠵᠠᠷ ᠠᠴᠠ ᠡᠬᠢ ᠠᠪᠴᠤ᠂ ᠬᠤᠶᠢᠰᠢ ᠬᠦᠬᠡᠬᠤᠳᠠ ᠶᠢᠨ ᠡᠮᠦᠨ᠎ᠡ ᠬᠤᠶᠠᠳᠤᠭᠠᠷ ᠳᠤᠭᠤᠷᠢᠯ ᠵᠠᠮ ᠪᠠ ᠵᠣᠣ ᠤᠳᠠ ᠵᠠᠮ ᠤᠨ ᠠᠭᠤᠯᠵᠠᠷ ᠲᠤ ᠬᠦᠷᠳᠡᠭ᠂ ᠪᠦᠬᠦ ᠤᠷᠲᠤ ᠨᠢ 20.8 ᠺᠢᠯᠣᠮᠧᠳ᠋ᠷ ᠪᠠᠶᠢᠵᠤ᠂ ᠡᠮᠦᠨ᠎ᠡ᠂ ᠳᠤᠮᠳᠠ᠂ ᠬᠤᠶᠢᠨ᠎ᠠ ᠭᠤᠷᠪᠠᠨ ᠬᠡᠰᠡᠭ ᠬᠤᠪᠢᠶᠠᠵᠤ᠂ ᠭᠤᠣᠯ ᠵᠠᠮ ᠨᠢ ᠬᠤᠤᠰ ᠴᠢᠭᠯᠡᠯᠳᠤ ᠵᠢᠷᠭᠤᠭᠠᠨ ᠳᠡᠷᠭᠡᠨ ᠵᠠᠮ ᠲᠠᠢ ᠬᠤᠳᠠ ᠶᠢᠨ ᠲᠦᠷᠭᠡᠨ ᠬᠤᠷᠳᠤᠴᠠᠳᠤ ᠵᠠᠮ ᠪᠣᠯᠣᠨ᠎ᠠ᠂ ᠳᠡᠷᠭᠡᠨ ᠤ ᠬᠤᠷᠳᠤᠴᠠ ᠶᠢ 60 - 80km / h ᠢᠶᠠᠷ ᠲᠦᠯᠦᠪᠯᠡᠵᠤ᠂ ᠳᠤᠰᠠᠯᠠᠬᠤ ᠵᠠᠮ ᠨᠢ ᠬᠤᠲᠠ ᠶᠢᠨ ᠳᠡᠳ᠋ ᠭᠤᠤᠯᠯᠠᠭᠴᠢ ᠵᠠᠮ ᠪᠠᠶᠢᠵᠤ᠂ ᠲᠡᠷᠭᠡᠨ ᠬᠤᠷᠳᠤᠴᠠ ᠶᠢ 40 — 50km / h ᠢᠶᠠᠷ ᠲᠦᠯᠦᠪᠯᠡᠵᠤ᠂ ᠪᠦᠬᠦ ᠪᠡᠯᠡ ᠤᠷᠤᠭᠤᠯᠤᠯᠳᠠ ᠨᠢ 64.65 ᠳ᠋ᠦᠩᠰᠢᠭᠤᠷ ᠲᠥᠭᠦᠷᠢᠭ ᠲᠤ ᠬᠦᠷᠴᠦ ᠪᠤᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ