ᠬᠦᠬᠡᠬᠤᠲᠠ ᠤᠨ ᠵᠢᠷᠭᠤᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2019/7/15
     ᠣᠶᠢᠷ᠎ᠠ ᠳᠤ᠂ ᠬᠦᠬᠡᠬᠤᠲᠠ ᠶᠢᠨ  ᠵᠢᠷᠭᠤᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ ᠬᠥᠬᠡᠬᠤᠲᠠ ᠶᠢᠨ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠬᠳᠠᠪᠠ᠃     ᠣᠶᠢᠯᠭᠠᠭᠰᠠᠨ ᠢᠶᠠᠷ᠂ ᠲᠤᠰ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ ᠨᠢ ᠪᠦᠬᠦ ᠨᠡᠶᠢᠬᠡᠮ ᠤᠨ ᠵᠡᠮᠳᠡᠭᠴᠤᠳ ᠢ ᠤᠢᠢᠯᠠᠭᠠᠬᠤ᠂ ᠬᠦᠨᠳᠦᠳᠭᠡᠬᠦ᠂ ᠬᠠᠯᠠᠮᠵᠢᠯᠠᠬᠤ ᠠᠭᠤᠷ ᠠᠮᠢᠰᠬᠤᠯ ᠢ ᠪᠤᠢ ᠪᠤᠯᠭᠠᠵᠦ᠂ ᠵᠡᠮᠳᠡᠭ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠦ ᠠᠵᠢᠯ ᠤᠨ ᠰᠢᠨ᠎ᠡ ᠲᠦᠷᠰᠦ ᠪᠠᠶᠢᠳᠠᠯ ᠢ ᠪᠤᠢ ᠪᠤᠯᠭᠠᠬᠤ ᠪᠠᠷ ᠵᠣᠷᠢᠯᠭ᠎ᠠ ᠪᠠᠨ ᠪᠤᠯᠭᠠᠵᠠᠢ᠃ ᠤᠷᠤᠯᠳᠤᠭᠠᠨ ᠳᠤ ᠬᠥᠬᠡᠬᠤᠲᠠ ᠶᠢᠨ ᠲᠦᠮᠡᠳ ᠵᠡᠬᠦᠨ ᠬᠤᠰᠢᠭᠤ᠂ ᠬᠤᠷᠢᠨᠭᠡᠷ ᠰᠢᠶᠠᠨ᠂ ᠦᠴᠤᠸᠠᠨ ᠰᠢᠶᠠᠨ ᠵᠡᠷᠭᠡ 9 ᠬᠤᠰᠢᠭᠤ ᠰᠢᠶᠠᠨ ᠪᠤᠯᠤᠨ ᠬᠥᠬᠡᠬᠤᠲᠠ ᠶᠢᠨ ᠤᠨᠴᠠᠭᠠᠢ ᠰᠤᠷᠭᠠᠨ ᠬᠥᠮᠥᠵᠢᠯ ᠤᠨ ᠰᠤᠷᠭᠠᠭᠤᠯᠢ ᠶᠢᠨ 10 ᠲᠦᠯᠦᠭᠡᠯᠡᠭᠴᠢᠳ ᠤᠨ ᠪᠦᠯᠬᠦᠮ᠂ 300 ᠭᠠᠷᠤᠢ ᠲᠠᠮᠢᠷᠴᠢᠨ ᠤᠷᠤᠯᠴᠠᠵᠠᠢ᠃ ᠲᠦᠷᠪᠡᠨ ᠵᠢᠯ ᠳᠤ ᠨᠢᠭᠡ ᠤᠳᠠᠭ᠎ᠠ ᠶᠠᠪᠤᠭᠳᠠᠭᠤᠯᠬᠤ ᠲᠤᠰ ᠲᠦᠷᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ︽ᠦᠪᠡᠷ ᠢ ᠪᠠᠨ ᠬᠦᠴᠦᠷᠭᠡᠭᠵᠢᠬᠦᠯᠬᠦ  ᠪᠠᠷ ᠬᠤᠷᠠᠨ ᠴᠤᠬᠯᠠᠷᠠᠵᠦ᠂ ᠵᠡᠮᠳᠡᠭᠴᠤᠳ ᠲᠤ ᠲᠤᠰᠠᠯᠠᠨ ᠬᠠᠮᠲᠤ ᠪᠠᠷ ᠡᠳ᠋ᠯᠡᠬᠦ︾ ᠪᠠᠷ ᠭᠤᠤᠯ ᠰᠡᠳᠦᠪ ᠪᠤᠯᠭᠠᠨ᠂ ᠨᠡᠶᠢᠲᠡ 9 ᠶᠡᠭᠡ ᠲᠦᠷᠦᠯ ᠤᠨ 113 ᠪᠠᠭ᠎ᠠ ᠲᠥᠷᠥᠯ ᠢ ᠪᠠᠭᠲᠠᠭᠠᠵᠦ᠂ ᠡᠬᠦᠨ ᠳᠤ ᠰᠤᠷ ᠬᠠᠷᠪᠤᠬᠤ᠂ ᠫᠢᠩᠫᠤᠩ ᠪᠦᠮᠪᠦᠭᠡ᠂ ᠦᠳᠦᠨ ᠪᠦᠮᠪᠦᠭᠡ᠂ ᠬᠠᠷᠠᠭ᠎ᠠ ᠠᠯᠳᠠᠬᠰᠠᠳ ᠤᠨ ᠵᠢᠥᠳᠤᠤ ᠪᠦᠭᠡ᠂ ᠵᠡᠮᠳᠡᠭᠴᠤᠳ ᠤᠨ ᠦᠩᠬᠦᠷᠢᠬᠦᠯ ᠪᠦᠮᠪᠦᠭᠡ ᠶᠢᠨ ᠤᠷᠤᠯᠳᠤᠭᠠᠨ ᠵᠡᠷᠭᠡ ᠪᠡᠶ᠎ᠡ ᠶᠢᠨ ᠲᠠᠮᠢᠷ ᠤᠨ ᠲᠥᠷᠥᠯ ᠵᠦᠢᠯ ᠢ ᠪᠠᠭᠲᠠᠭᠠᠭᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ