ᠠᠷᠪᠠᠨ ᠨᠢᠭᠡᠳᠥᠭᠡᠷ ᠬᠤᠭᠤᠴᠠᠭᠠᠨ ᠤ ᠪᠥᠬᠦ ᠤᠯᠤᠰ ᠤᠨ ᠴᠥᠬᠡᠨ ᠲᠤᠭᠠᠳᠤ ᠥᠨᠳᠥᠰᠥᠲᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠤᠷᠢᠨ ᠤ ᠲᠥᠷᠥᠯ ᠤᠨ ᠤᠷᠤᠯᠳᠤᠭᠠᠨ ᠤᠨ ᠨᠢᠭᠡᠳᠥᠭᠡᠷ ᠲᠡᠮᠡᠴᠡᠭᠡᠨ ᠠᠮᠵᠢᠯᠲᠠ ᠲᠠᠢ ᠪᠤᠯᠪᠠ
ᠨᠡᠶᠢᠲᠡᠯᠡᠭᠰᠡᠨ ᠴᠠᠭ᠄
2019/7/15
      7 ᠰᠠᠷ᠎ᠠ ᠶᠢᠨ12 ᠤᠨ ᠡᠳᠥᠷ᠂ ᠠᠷᠪᠠᠨ ᠨᠢᠭᠡᠳᠥᠭᠡᠷ ᠬᠤᠭᠤᠴᠠᠭᠠᠨ ᠤ ᠪᠥᠬᠦ ᠤᠯᠤᠰ ᠤᠨ ᠴᠥᠬᠡᠨ ᠲᠤᠭᠠᠳᠤ ᠥᠨᠳᠥᠰᠥᠲᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠤᠷᠢᠨ ᠤ ᠲᠥᠷᠥᠯ ᠤᠨ ᠤᠷᠤᠯᠳᠤᠭᠠᠨ ᠤᠨ ᠨᠢᠭᠡᠳᠥᠭᠡᠷ ᠲᠡᠮᠡᠴᠡᠭᠡᠨ ᠪᠤᠯᠬᠤ 1000 ᠮᠧᠲᠷ ᠤᠨ ᠥᠨᠳᠥᠰᠥᠲᠡᠨ ᠤ ᠮᠤᠷᠢᠨ ᠤ ᠤᠷᠤᠯᠳᠤᠭᠠᠨ ᠨᠢ ᠥᠪᠥᠷ ᠮᠤᠩᠭᠤᠯ ᠤᠨ ᠬᠥᠬᠡᠬᠤᠲᠠ ᠳᠤ ᠶᠠᠪᠤᠭᠳᠠᠪᠠ᠃ ᠤᠯᠤᠰ ᠤᠨ ᠥᠨᠳᠥᠰᠥᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠲᠡᠳ᠋ ᠡᠷᠬᠢᠯᠡᠭᠴᠢ ᠬᠥᠸᠧ ᠸᠧᠢ ᠫᠢᠩ ᠰᠢᠯᠢᠳᠡᠭ ᠬᠢᠷᠢ ᠪᠥᠳᠥᠮᠵᠢ ᠤᠯᠤᠭᠰᠠᠨ ᠲᠠᠮᠢᠷᠴᠢᠳ ᠲᠤ ᠱᠠᠩᠨᠠᠯ ᠭᠠᠷᠳᠠᠭᠤᠯᠤᠭᠰᠠᠨ ᠤ ᠬᠠᠮᠳᠤ ᠲᠡᠳᠡᠨ ᠢ ᠵᠠᠯᠭᠠᠪᠡᠷ ᠮᠡᠷᠡᠶᠢᠨ ᠴᠢᠷᠮᠠᠶᠢᠵᠤ᠂ ᠠᠬᠢᠨ ᠰᠢᠯᠢᠳᠡᠭ ᠬᠢᠷᠢ ᠪᠥᠳᠥᠮᠵᠢ ᠡᠭᠦᠳᠬᠦ ᠶᠢ  ᠵᠤᠷᠢᠭᠵᠢᠭᠤᠯᠪᠠ᠃      ᠥᠪᠥᠷ ᠮᠤᠩᠭᠤᠯ᠂ ᠰᠢᠨᠵᠢᠶᠠᠩ᠂ ᠾᠧᠨᠠᠨ᠂ ᠶᠥᠨᠠᠨ᠂ ᠱᠠᠨ ᠰᠢ᠂ ᠲᠥᠪᠡᠳ ᠪᠠ ᠰᠢᠨᠵᠢᠶᠠᠩ ᠤᠨ ᠪᠥᠳᠥᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ 7 ᠲᠥᠯᠥᠭᠡᠯᠡᠭᠴᠢᠳ ᠤᠨ ᠠᠩᠬᠢ ᠶᠢᠨ 25 ᠲᠠᠮᠢᠷᠴᠢᠳ ᠲᠤᠰ ᠤᠷᠤᠯᠳᠤᠭᠠᠨ ᠳᠤ ᠤᠷᠤᠯᠴᠠᠪᠠ᠃ ᠬᠤᠷᠴᠠ ᠰᠢᠷᠥᠭᠦᠨ ᠥᠷᠢᠰᠥᠯᠳᠥᠭᠡᠨ ᠲᠤᠤᠷ᠎ᠠ᠂ ᠥᠪᠥᠷ ᠮᠤᠩᠭᠤᠯ ᠤᠨ ᠲᠥᠯᠥᠭᠡᠯᠡᠭᠴᠢ ᠶᠢᠨ ᠠᠩᠬᠢ ᠶᠢᠨ ᠮᠥᠬᠠᠳᠠᠯᠠᠯ᠂ ᠮᠠᠶᠢᠳᠠᠨᠨᠢᠪᠺ ᠲᠡᠷᠢᠭᠦᠨ ᠨᠡᠷᠡᠰ ᠲᠤ ᠲᠤᠳᠤᠷᠠᠭᠰᠠᠨ ᠪᠠᠶᠢᠨ᠎ᠠ᠃      ᠲᠤᠰ ᠬᠤᠭᠤᠴᠠᠭᠠᠨ ᠤ ᠮᠤᠷᠢᠨ ᠤ ᠲᠥᠷᠥᠯ ᠤᠨ ᠤᠷᠤᠯᠳᠤᠭᠠᠨ ᠤ ᠥᠨᠳᠥᠰᠥᠲᠡᠨ ᠤ ᠮᠤᠷᠢᠨ ᠤᠷᠤᠯᠳᠤᠭᠠᠨ ᠨᠢ 1000 ᠮᠧᠲᠷ᠂ 2000 ᠮᠧᠲᠷ᠂ 3000 ᠮᠧᠲᠷ᠂ 5000 ᠮᠧᠲᠷ ᠪᠠ 8000 ᠮᠧᠲᠷ ᠬᠡᠮᠡᠨ 5 ᠲᠥᠷᠥᠯ ᠬᠤᠪᠢᠶᠠᠵᠤ᠂ ᠲᠤᠰᠪᠤᠷᠢ 7 ᠰᠠᠷ᠎ᠠ ᠶᠢᠨ12   ᠤᠨ ᠡᠳᠥᠷ᠂ 14 ᠤ ᠡᠳᠥᠷ᠂ 15 ᠤ ᠡᠳᠥᠷ ᠵᠢᠴᠢ 17 ᠤ ᠡᠳᠥᠷ ᠶᠠᠪᠤᠭᠳᠠᠬᠤ ᠪᠤᠯᠤᠨ᠎ᠠ᠃
ᠢᠷᠡᠯᠲᠡ᠄ ᠮᠣᠩᠭᠤᠯ ᠷᠠᠳᠢᠣ᠋ ᠲᠧᠯᠸᠢᠰ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ