ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠬᠤ ᠳᠣᠭᠤᠶᠢᠯᠠᠩ ᠬᠤᠷᠢᠨᠭᠡᠷ ᠰᠢᠶᠠᠨ ᠳᠤ ᠰᠢᠨᠵᠢᠯᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2019-07-16
     7 ᠳ᠋ᠤᠭᠠᠷ ᠰᠠᠷ᠎ᠠ ᠶᠢᠨ 11 ᠤ ᠡᠳᠦᠷ᠂ ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠶᠦᠩ ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨᠵᠢᠯᠡᠨ ᠪᠠᠶᠢᠴᠠᠭᠠᠬᠤ ᠳᠣᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠢᠷᠡᠵᠦ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠤᠷᠤᠯᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠰᠦᠯᠵᠢᠶ᠎ᠡ ᠬᠤᠯᠪᠣᠨ ᠬᠢᠨᠠᠯᠲᠠ ᠲᠠᠯᠪᠢᠬᠤ᠂ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠳᠤ ᠰᠢᠨᠵᠢᠯᠡᠨ  ᠪᠠᠶᠢᠴᠠᠭᠠᠯᠲᠠ ᠬᠢᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠤᠸᠠᠨ ᡁᠢ᠂ ᠳᠡᠳ᠋ ᠡᠷᠬᠢᠯᠡᠭᠴᠢ ᠭᠤᠤ ᠵᠢᠶᠠᠨ ᠢᠩ᠂ ᠵᠤᠤ ᠸᠧᠨ ᠵᠦᠩ᠂ ᠫᠦ᠋ ᠰᠢ ᠸᠠᠨ ᠬᠠᠮᠲᠤ ᠪᠠᠶᠢᠴᠠᠭᠠᠯᠲᠠ ᠬᠢᠪᠡ᠃      ᠰᠢᠨᠵᠢᠯᠡᠨ ᠪᠠᠶᠢᠴᠠᠭᠠᠬᠤ ᠳᠣᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠵᠧᠩ ᠶᠣᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠰᠦᠪ ᠤᠨ ᠰᠦᠯᠵᠢᠶ᠎ᠡ ᠬᠤᠯᠪᠣᠨ ᠬᠢᠨᠠᠯᠲᠠ ᠲᠠᠯᠪᠢᠬᠤ ᠲᠠᠰᠤᠭ᠂ ᠥᠪᠥᠷ ᠮᠣᠩᠭᠤᠯ ᠤᠨ ᠮᠧᠩ ᠼᠤᠤ ᠠᠮᠢ ᠠᠬᠤᠶ ᠣᠷᠴᠢᠨ ᠲᠣᠭᠤᠷᠢᠨ ᠤ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧ ᠱᠧᠩ ᠠᠮᠢ ᠠᠬᠤᠢ ᠶᠢᠨ ᠣᠢ ᠮᠣᠳᠣ ᠪᠤᠶᠢᠵᠢᠭᠤᠯᠬᠤ ᠬᠢᠵᠠᠭᠠᠷᠲᠤ ᠺᠣᠮᠫᠠᠨᠢ ᠪᠣᠯᠤᠨ ᠱᠧᠩ ᠯᠧ ᠮᠦᠽᠧᠶ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠣᠭᠤᠶᠢᠯᠠᠩ ᠵᠧᠩ ᠶᠣᠸᠠᠨ ᠺᠣᠮᠫᠠᠨᠢ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠭᠤᠸᠠ ᠵᠢᠮᠢᠰ ᠢᠳᠡᠰᠢᠨ ᠨᠣᠭᠤᠭ᠎ᠠ ᠶᠢᠨ ᠲᠣᠮᠣ ᠬᠦᠯᠡᠮᠵᠢᠲᠦ ᠭᠡᠷ᠂ ᠰᠢᠯ ᠤᠨ ᠬᠦᠯᠡᠮᠵᠢ᠂ ᠤᠶᠤᠨᠲᠤ ᠬᠦᠯᠡᠮᠵᠢ ᠶᠢᠨ ᠴᠢᠬᠢ ᠪᠤᠶᠢᠵᠢᠭᠤᠯᠬᠤ ᠲᠥᠪ᠂ ᠵᠤᠭᠠᠴᠠᠭᠰᠠᠳ ᠢ ᠬᠦᠯᠢᠶᠡᠨ ᠠᠪᠬᠤ ᠲᠥᠪ ᠪᠣᠯᠤᠨ ᠪᠠᠭ᠎ᠠ ᠵᠢᠯᠠᠭ᠎ᠠ ᠰᠢᠨ᠎ᠡ ᠬᠥᠳᠡᠭᠡ ᠲᠣᠰᠬᠤᠨ ᠢ ᠲᠣᠭᠤᠷᠢᠨ ᠦᠵᠡᠭᠰᠡᠨ ᠪᠥᠭᠡᠳ ᠤᠬᠠᠭᠤᠯᠭ᠎ᠠ ᠶᠢᠨ ᠹᠢᠯᠢᠮ ᠢ ᠰᠣᠨᠢᠷᠬᠠᠵᠤ᠂ ᠲᠠᠷᠢᠮᠠᠯ ᠤᠨ ᠦᠢᠯᠡᠰ ᠤᠨ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠡᠶᠡᠴᠢᠯᠡᠨ ᠣᠶᠢᠯᠠᠭᠠᠪᠠ᠃ ᠳᠠᠷᠠᠭ᠎ᠠ ᠨᠢ ᠮᠧᠩ ᠼᠤᠤ ᠺᠣᠮᠫᠠᠨᠢ ᠶᠢᠨ ᠲᠠᠷᠢᠶᠠᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠪᠣᠯᠤᠨ ᠨᠤᠲᠤᠭ ᠤᠨ ᠤᠷᠭᠤᠮᠠᠯ ᠡᠬᠢ ᠪᠠᠶᠠᠯᠢᠭ ᠤᠨ ᠬᠥᠮᠥᠷᠭᠡ ᠶᠢ ᠲᠣᠭᠤᠷᠢᠨ ᠦᠵᠡᠵᠦ᠂ ᠠᠮᠢ ᠠᠬᠤᠢ ᠶᠢᠨ ᠲᠣᠮᠣ ᠳ᠋ᠠᠶᠢᠲ᠋ᠠ ᠶᠢᠨ ᠪᠠᠶᠢᠴᠠᠭᠠᠨ ᠯᠠᠪᠯᠠᠬᠤ ᠰᠢᠰᠲ᠋ᠧᠮ ᠢ ᠪᠡᠶᠡᠴᠢᠯᠡᠨ ᠣᠶᠢᠯᠠᠭᠠᠵᠤ᠂ ᠨᠤᠲᠤᠭ ᠤᠨ ᠤᠷᠭᠤᠮᠠᠯ ᠢ ᠣᠷᠭᠤᠭᠤᠯᠬᠤ ᠠᠮᠢ ᠠᠬᠤᠢ ᠶᠢᠨ ᠰᠢᠰᠲ᠋ᠧᠮ ᠤᠨ ᠲᠠᠯ᠎ᠠ ᠶᠢᠨ ᠮᠡᠳᠡᠯᠭᠡ ᠶᠢ ᠨᠠᠷᠢᠨ ᠣᠶᠢᠯᠠᠭᠠᠪᠠ᠃ ᠪᠠᠰᠠ ᠾᠧ ᠱᠧᠩ ᠠᠮᠢ ᠠᠬᠤᠢ ᠶᠢᠨ ᠴᠢᠬᠢ ᠮᠣᠳᠣᠨ ᠤ ᠰᠠᠭᠤᠷᠢᠨ ᠭᠠᠵᠠᠷ ᠲᠤ᠂ ᠥᠪᠥᠷ ᠮᠣᠩᠭᠤᠯ ᠤᠨ ᠮᠣᠳᠣ ᠴᠢᠬᠢ ᠮᠣᠳᠣ ᠪᠤᠶᠢᠵᠢᠭᠤᠯᠬᠤ᠂ ᠠᠮᠢ ᠠᠬᠤᠶ ᠶᠢ ᠰᠡᠷᠭᠦᠭᠡᠬᠦ ᠪᠠ ᠠᠮᠢ ᠠᠬᠤᠢ ᠶᠢᠨ ᠣᠢ ᠰᠢᠭᠤᠶ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠲᠣᠷᠰᠢᠯᠭ᠎ᠠ ᠶᠢ ᠰᠤᠷᠤᠯᠴᠠᠪᠠ᠃      ᠰᠢᠨᠵᠢᠯᠡᠨ ᠪᠠᠶᠢᠴᠠᠭᠠᠬᠤ ᠳᠣᠭᠤᠶᠢᠯᠠᠩ ᠱᠧᠩ ᠯᠧ ᠮᠦᠽᠧᠶ ᠶᠢ ᠲᠣᠭᠤᠷᠢᠨ ᠦᠵᠡᠵᠦ᠂ ᠬᠤᠷᠢᠨᠭᠡᠷ ᠤᠨ ᠲᠡᠤᠬᠡ ᠰᠣᠶᠣᠯ ᠪᠣᠯᠤᠨ ᠰᠢᠶᠡᠨᠪᠢ ᠦᠨᠳᠦᠰᠦᠲᠡᠨ ᠤ ᠲᠡᠤᠬᠡ ᠰᠣᠶᠣᠯ ᠢ ᠨᠠᠷᠢᠨ ᠣᠶᠢᠯᠠᠭᠠᠬᠤ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠰᠦᠯᠵᠢᠶ᠎ᠡ ᠬᠤᠯᠪᠣᠨ ᠬᠢᠨᠠᠯᠲᠠ ᠲᠠᠯᠪᠢᠬᠤ ᠰᠢᠰᠲ᠋ᠧᠮ ᠤᠨ ᠲᠠᠪᠴᠠᠩ ᠤᠨ ᠪᠠᠶᠢᠭᠤᠯᠣᠯᠲᠠ᠂ ᠡᠳᠦᠷ ᠲᠣᠲᠤᠮ ᠤᠨ ᠬᠢᠨᠠᠯᠲᠠ ᠲᠠᠯᠪᠢᠭᠰᠠᠨ ᠪᠠᠶᠢᠳᠠᠯ᠂ ᠦᠷ᠎ᠡ ᠪᠦᠲᠦᠭᠡᠯ ᠤᠨ ᠬᠡᠷᠡᠭᠯᠡᠯᠲᠡ᠂ ᠰᠢᠰᠲ᠋ᠧᠮ ᠤᠨ ᠠᠮᠤᠷ ᠲᠦᠪᠰᠢᠨ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃      ᠮᠠ ᠶᠦᠩ ᠵᠢᠭᠠᠵᠤ ᠭᠠᠷᠭᠠᠭᠰᠠᠨ ᠨᠢ᠂ ᠬᠤᠷᠢᠨᠭᠡᠷ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠶᠢᠯᠠᠭᠠᠭᠳᠠᠬᠤᠨ ᠰᠢᠨ᠎ᠡ᠂ ᠭᠤᠤᠯᠳᠠᠯᠭ᠎ᠠ ᠲᠠᠢ ᠭᠢᠯᠠᠰ ᠴᠡᠭ ᠳᠣᠪᠣᠶᠢᠮ᠎ᠠ ᠪᠠᠶᠢᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠡᠪᠡᠰᠦᠨ ᠦᠷ᠎ᠡ ᠶᠢ ᠰᠤᠳᠤᠯᠤᠨ ᠨᠡᠭᠡᠭᠡᠬᠦ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠴᠤ ᠣᠶᠢᠵᠢᠭᠤᠯᠬᠤ ᠵᠡᠷᠭᠡ ᠠᠮᠢ ᠠᠬᠤᠢ ᠶᠢᠨ ᠬᠡᠯᠪᠡᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠥᠨᠳᠥᠷ ᠪᠠᠶᠢᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠳᠠᠶᠢᠴᠢᠯᠠᠵᠤ᠂ ᠮᠠᠰᠢ ᠰᠠᠶᠢᠨ ᠠᠮᠢ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠪᠣᠶ ᠪᠣᠯᠵᠠᠶ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠰᠦᠯᠵᠢᠶ᠎ᠡ ᠬᠤᠯᠪᠣᠨ ᠬᠢᠨᠠᠯᠲᠠ ᠲᠠᠯᠪᠢᠬᠤ ᠠᠵᠢᠯ ᠡᠷᠲᠡ ᠡᠬᠢᠯᠡᠵᠦ᠂ ᠠᠷᠭ᠎ᠠ ᠬᠡᠮᠵᠢᠶ᠎ᠡ ᠨᠢ ᠴᠦ ᠵᠥᠪ ᠪᠠᠶᠢᠵᠣ᠂ ᠭᠦᠨᠴᠡ ᠲᠠᠢ᠂ ᠰᠢᠨ᠎ᠡ ᠡᠭᠦᠳᠦᠯᠲᠡ ᠲᠠᠢ ᠪᠠᠶᠢᠵᠤ᠂ ᠢᠯᠡᠳᠲᠡ ᠦᠷ᠎ᠡ ᠪᠦᠲᠦᠮᠵᠢ ᠣᠯᠪᠠ᠃ ᠬᠤᠷᠢᠨᠭᠡᠷ ᠰᠢᠶᠠᠨ ᠤ ᠲᠡᠷᠢᠭᠦᠨ ᠤ ᠲᠤᠷᠰᠢᠯᠭ᠎ᠠ ᠪᠣᠯᠣᠨ ᠠᠷᠭ᠎ᠠ ᠬᠢᠳᠡᠯ ᠢ ᠠᠪᠴᠤ ᠬᠠᠷᠢᠭᠠᠳ ᠯᠢᠶᠠᠩᠴᠧᠩ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠠᠷᠢᠨ ᠬᠢᠨᠠᠮᠠᠭᠠᠶ ᠰᠤᠷᠤᠯᠴᠠᠨ ᠰᠤᠳᠤᠯᠬᠤ ᠬᠡᠷᠡᠭᠲᠡᠶ᠃ ᠬᠤᠶᠢᠰᠢᠳᠠ ᠶᠠᠪᠤᠯᠴᠠᠭ᠎ᠠ ᠪᠠᠨ ᠨᠢᠭᠲᠠᠷᠠᠭᠤᠯᠵᠤ᠂ ᠰᠣᠯᠢᠯᠴᠠᠭ᠎ᠠ ᠰᠣᠷᠣᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠣ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠶᠠᠷ ᠲᠠᠯ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号