ᠴᠢᠩ ᠱᠦᠶ ᠾᠧ ᠰᠢᠶᠠᠨ ︽ᠶᠣᠣ ᠱᠠᠩ ᠲᠢᠶᠠᠨ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-07-18
     7 ᠳ᠋ᠤᠭᠠᠷ ᠰᠠᠷ᠎ᠠ ᠶᠢᠨ 11 ᠤ ᠡᠳᠦᠷ᠂ ᠴᠢᠩ ᠱᠦᠶ ᠾᠧ ᠰᠢᠶᠠᠨ ︽ᠶᠣᠣ ᠱᠠᠩ ᠲᠢᠶᠠᠨ︾ ᠣᠷᠣᠨ ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠠᠴᠠ ᠴᠢᠩ ᠱᠦᠶ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠶᠡᠷᠦᠩᠬᠡᠶ ᠠᠩᠭᠢ ᠶᠢᠨ ᠳᠠᠷᠤᠭ᠎ᠠ᠂ ᠰᠢᠶᠠᠨ ᠤ ᠨᠠᠮ  ᠤᠨ ᠬᠤᠷᠢᠶ᠎ᠠ ᠶᠢᠨ ᠳᠡᠳ᠋ ᠱᠦᠵᠢ ᠰᠢᠤᠢ ᠪᠦ᠋ᠦ ᠴᠢᠤᠸᠠᠨ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠺᠧ ᠯᠢᠩ᠂ ᠰᠢᠶᠠᠨ ᠤ ᠳᠡᠳ᠋ ᠳᠠᠷᠤᠭ᠎ᠠ ᠯᠢ ᠵᠢᠶᠦ᠋ᠨ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᡁᠢ ᠬᠤᠷᠠᠯ ᠳᠤ ᠣᠷᠣᠯᠴᠠᠪᠠ᠃      ᠬᠤᠷᠠᠯ ᠠᠴᠠ ︽ᠶᠣᠣ ᠱᠠᠩ ᠲᠢᠶᠠᠨ︾ ᠤᠨ ᠣᠳᠣᠬᠠᠨ ᠤ ᠠᠵᠢᠯᠯᠠᠭᠠᠨ ᠤ ᠪᠠᠶᠢᠳᠠᠯ ᠪᠣᠯᠤᠨ ᠣᠷᠣᠰᠢᠵᠤ ᠪᠠᠶᠭ᠎ᠠ ᠠᠰᠠᠭᠤᠳᠠᠯ ᠢ ᠲᠠᠨᠢᠯᠴᠠᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠠᠵᠤ ᠠᠬᠤᠢᠯᠠᠯ ᠤᠨ ᠬᠠᠷᠢᠭᠤᠴᠠᠯᠭᠠᠲᠠᠨ ᠡᠨᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠡᠭᠦᠨ ᠤ ᠬᠠᠮᠲᠤ ᠲᠣᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠺᠧ ᠯᠢᠩ ᠬᠤᠷᠠᠯ ᠳᠡᠭᠡᠷ᠎ᠡ ᠱᠠᠭᠠᠷᠳᠠᠭᠰᠠᠨ ᠨᠢ᠂ ᠡᠯ᠎ᠡ ᠠᠵᠤ ᠠᠬᠤᠶᠢᠯᠠᠯ᠂ ᠡᠯ᠎ᠡ ᠨᠢᠭᠡᠴᠡ ᠨᠦᠭᠦᠳ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠬᠤ ᠪᠣᠯ ᠡᠷᠬᠡᠪᠰᠢ ᠤᠷᠳᠤ ᠬᠤᠭᠤᠴᠠᠭ᠎ᠠ ᠪᠠᠷ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠭᠦᠷᠭᠡ ᠮᠥᠨ︔ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢᠨ ᠪᠦᠬᠦᠯᠢ ᠴᠣᠭᠴᠠ ᠶᠢᠨ ᠲᠥᠯᠥᠪᠵᠢᠭᠦᠯᠪᠡ᠂ ᠲᠥᠷᠦ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ  ᠤᠨ ᠥᠷᠢᠰᠦᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠶᠠᠰᠤ ᠴᠢᠨᠠᠷ ᠪᠣᠯ ᠦᠨᠳᠦᠰᠦ᠂ ᠨᠡᠷᠡᠲᠦ ᠲᠡᠮᠳᠡᠭᠲᠦ ᠪᠣᠯ ᠵᠠᠩᠭᠢᠯᠠᠭ᠎ᠠ᠂ ᠡᠵᠡᠩᠨᠡᠨ ᠪᠣᠷᠣᠯᠠᠭᠤᠯᠬᠤ ᠪᠣᠯ ᠲᠦᠯᠬᠢᠨ ᠠᠬᠢᠭᠤᠯᠬᠤ ᠶᠠᠪᠤᠳᠠᠯ᠂ ᠤᠬᠠᠭᠤᠯᠭ᠎ᠠ ᠪᠣᠯ ᠡᠷᠬᠢᠮ ᠳᠡᠭᠡᠳᠦ ᠣᠨᠣᠯᠵᠢᠬᠤᠨ ᠮᠥᠨ ᠭᠡᠳᠡᠭ ᠢ ᠢᠮᠠᠭᠲᠠ ᠵᠢᠷᠤᠮᠯᠠᠵᠤ᠂ ᠤᠬᠠᠭᠤᠯᠤᠨ ᠲᠠᠨᠢᠯᠴᠠᠭᠤᠯᠬᠤ ᠲᠠᠪᠴᠠᠩ ᠢ ᠰᠠᠶᠢᠲᠤᠷ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠦᠶᠯᠭᠡᠭᠡ ᠪᠠ ᠡᠵᠡᠩᠨᠡᠨ ᠪᠣᠷᠣᠯᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ︔ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠡᠯ᠎ᠡ ᠨᠢᠭᠡᠴᠡ ᠨᠦᠭᠦᠳ ᠲᠣᠰ ᠲᠣᠰ  ᠤᠨ ᠡᠭᠦᠷᠭᠡ ᠲᠤᠰᠢᠶᠠᠯ ᠢᠶᠠᠨ ᠭᠦᠶᠴᠡᠳᠬᠡᠨ᠂ ᠬᠠᠷᠢᠯᠴᠠᠨ ᠬᠠᠮᠵᠢᠯᠴᠠᠵᠤ᠂ ᠰᠡᠳᠬᠢᠴᠡ ᠪᠠᠨ ᠲᠣᠳᠣᠷᠬᠠᠶᠢᠯᠠᠨ᠂ ᠬᠢᠨᠠᠮᠠᠭᠠᠶ ᠰᠦᠪᠡᠭᠴᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ  ᠶᠢᠨ ᠪᠠᠶᠢᠭᠤᠯᠤᠯᠲᠠ ᠶᠢ ᠴᠢᠩᠭᠠᠳᠬᠠᠨ᠂ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠷᠡᠲᠦ ᠲᠥᠷᠥᠯ ᠲᠡᠮᠳᠡᠭᠲᠦ ᠶᠢ ᠡᠭᠦᠳᠬᠦ ᠪᠠᠷ ᠳᠠᠮᠵᠢᠭᠤᠯᠤᠨ ᠴᠢᠩ ᠱᠦᠶ ᠾᠧ ᠰᠢᠶᠠᠨ  ᠤ ᠲᠠᠷᠢᠶᠠᠯᠠᠩ ᠤᠨ ᠪᠦᠲᠦᠭᠡᠭᠳᠡᠬᠦᠨ ᠤ ᠵᠢᠵᠢᠭ ᠪᠢᠴᠢᠯ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ᠂ ᠬᠠᠮᠲᠤᠪᠠᠷ ᠬᠥᠭᠵᠢᠬᠦ ᠶᠢ ᠳᠠᠶᠢᠴᠢᠯᠠᠵᠤ᠂ ᠰᠢᠶᠠᠨ ᠤ ᠬᠡᠪᠴᠢᠶᠡᠨ ᠳᠠᠬᠢ ᠠᠵᠤ ᠠᠬᠤᠶᠢᠯᠠᠯ ᠢ ᠲᠦᠷᠭᠡᠨ ᠬᠥᠭᠵᠢᠭᠦᠯᠵᠦ ᠂ ᠨᠠᠩ ᠣᠯᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠬᠦ ᠬᠡᠷᠡᠭᠲᠡᠶ ᠭᠡᠵᠡᠢ᠃      ᠳᠠᠷᠠᠭ᠎ᠠ ᠨᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯᠧᠺᠲᠷᠣᠨ ᠬᠤᠳᠠᠯᠳᠤᠭᠠᠨ ᠤ ᠠᠵᠤ ᠠᠬᠤᠢᠯᠠᠯ ᠤᠨ ᠬᠠᠷᠢᠭᠤᠴᠠᠯᠭᠠᠲᠠᠨ ᠡᠨᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠰᠠᠨᠠᠯ ᠢᠶᠠᠨ ᠰᠣᠯᠢᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号