ᠤᠶᠢᠷ᠎ᠠ ᠳᠤ᠂ ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠦᠨᠦ ᠵᠢᠯ ᠤᠨ ︽ᠬᠠᠮᠳᠤᠷᠠᠨ ᠠᠵᠢᠯᠯᠠᠬᠤ ᠲᠦᠯᠦᠪᠯᠡᠭᠡ︾ | ᠳᠤ ᠪᠡᠭᠡᠵᠢᠩ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠨᠡᠶᠢᠬᠡᠮ ᠤᠨ ᠠᠵᠢᠯ ᠤᠨ 20 | ᠪᠠᠶᠢᠭᠤᠯᠤᠮᠵᠢ ᠶᠢ ᠲᠤᠮᠢᠯᠠᠨ ᠦᠪᠦᠷ ᠮᠣᠩᠭᠤᠯ ᠤᠨ 20 ᠬᠤᠰᠢᠭᠤ ᠰᠢᠶᠠᠨ ᠳᠤ ᠨᠡᠶᠢᠬᠡᠮ ᠤᠨ ᠠᠵᠢᠯ ᠢ ᠲᠤᠰᠠᠯᠠᠨ | ᠲᠡᠮᠵᠢᠬᠦ 64 ᠲᠦᠰᠦᠯ ᠦᠷᠨᠢᠬᠦᠯᠬᠦ ᠪᠤᠯᠤᠨ᠎ᠠ᠃ | ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ︽ᠬᠠᠮᠳᠤᠷᠠᠨ ᠠᠵᠢᠯᠯᠠᠬᠤ ᠲᠦᠯᠦᠪᠯᠡᠭᠡ︾ | ᠪᠤᠯ ᠠᠷᠠᠳ ᠤᠨ ᠶᠠᠪᠤᠳᠠᠯ ᠤᠨ ᠶᠠᠮᠤᠨ ᠠᠴᠠ ᠨᠡᠶᠢᠬᠡᠮ ᠤᠨ ᠠᠵᠢᠯ ᠬᠦᠭᠵᠢᠭᠰᠡᠨ ᠭᠠᠵᠠᠷ ᠤᠷᠤᠨ ᠠᠴᠠ ᠨᠡᠶᠢᠬᠡᠮ ᠤᠨ | ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢ ᠰᠢᠯᠢᠵᠤ᠂ ᠲᠤᠰᠠᠯᠠᠨ ᠲᠡᠮᠵᠢᠬᠦ ᠲᠠᠪᠴᠠᠩ ᠪᠠᠶᠢᠭᠤᠯᠬᠤ ᠪᠠᠷ | ᠲᠠᠮᠵᠢᠨ ᠤᠯᠤᠰ ᠢ ᠲᠤᠰᠠᠯᠠᠨ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠲᠠᠢ ᠭᠠᠵᠠᠷ ᠤᠷᠤᠨ ᠳᠤ | ᠨᠡᠶᠢᠬᠡᠮ ᠤᠨ ᠠᠵᠢᠯ ᠤᠨ ᠵᠢᠱᠢᠶ᠎ᠠ ᠦᠵᠡᠬᠦᠯᠬᠦ ᠦᠢᠯᠡᠴᠢᠯᠡᠭᠡ ᠦᠷᠨᠢᠬᠦᠯᠬᠦ ᠶᠢ ᠬᠡᠯᠡᠨ᠎ᠡ᠃ | ᠨᠢᠳᠤᠨᠤᠨ᠂ ᠪᠡᠭᠡᠵᠢᠩ ᠦᠪᠦᠷ ᠮᠣᠩᠭᠤᠯ ᠬᠤᠶᠠᠷ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ | ᠬᠠᠮᠳᠤᠷᠠᠨ ᠬᠠᠷᠠᠭᠠᠯᠵᠠᠭᠰᠠᠨ ᠲᠤᠰᠠᠯᠠᠨ ᠲᠡᠮᠵᠢᠬᠦ ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠲᠠᠪᠴᠠᠩ | ᠪᠠᠶᠢᠭᠤᠯᠤᠭᠰᠠᠨ ᠪᠠᠶᠢᠨ᠎ᠠ᠃ ᠦᠨᠦ ᠵᠢᠯ ᠦᠪᠦᠷ ᠮᠣᠩᠭᠤᠯ ᠤᠨ ᠶᠠᠳᠠᠭᠤ ᠬᠦᠴᠢᠷᠳᠡᠯᠲᠡᠢ ᠭᠠᠵᠠᠷ ᠤᠷᠤᠨ ᠤ | ᠨᠡᠶᠢᠬᠡᠮ ᠤᠨ ᠠᠵᠢᠯ ᠤᠨ ᠪᠠᠶᠢᠭᠤᠯᠤᠮᠵᠢ ᠪᠤᠯᠤᠨ ᠨᠡᠶᠢᠬᠡᠮ ᠤᠨ ᠠᠵᠢᠯ ᠤᠨ ᠴᠢᠳᠠᠪᠤᠷᠢᠳᠠᠨ ᠬᠦᠮᠦᠵᠢᠬᠦᠯᠬᠦ ᠶᠢᠨ | ᠲᠦᠯᠦᠬᠡ ᠪᠡᠭᠡᠵᠢᠩ ᠤᠨ ᠠᠷᠠᠳ ᠤᠨ ᠶᠠᠪᠤᠳᠠᠯ ᠤᠨ ᠲᠤᠪᠴᠢᠶᠠᠨ ᠠᠴᠠ ᠪᠡᠭᠡᠵᠢᠩ ᠤᠨ ᠮᠦ ᠶᠧᠤ ᠨᠡᠶᠢᠬᠡᠮ ᠤᠨ | ᠠᠵᠢᠯ ᠤᠨ ᠬᠦᠭᠵᠢᠬᠦᠯᠦᠯᠳᠡ ᠶᠢᠨ ᠲᠦᠪ ᠵᠡᠷᠬᠡ 20 ᠨᠡᠶᠢᠬᠡᠮ ᠤᠨ ᠠᠵᠢᠯ ᠤᠨ ᠪᠠᠶᠢᠭᠤᠯᠤᠮᠵᠢ ᠶᠢ ᠲᠤᠮᠢᠯᠠᠵᠤ᠂ | ᠬᠦᠬᠡᠬᠤᠳᠠ ᠵᠡᠷᠬᠡ 7 ᠠᠶᠢᠮᠠᠭ ᠬᠤᠳᠠ ᠶᠢᠨ 20 ᠬᠤᠰᠢᠭᠤ ᠰᠢᠶᠠᠨ ᠳᠤ ᠲᠤᠰᠠᠯᠠᠨ ᠲᠡᠮᠵᠢᠬᠦ ᠠᠵᠢᠯᠯᠠᠭ᠎ᠠ | ᠦᠷᠨᠢᠬᠦᠯᠬᠦ ᠪᠤᠯᠤᠨ᠎ᠠ᠃ |