ᠪᠡᠭᠡᠵᠢᠩ ᠠᠴᠠ ᠦᠪᠦᠷ ᠮᠣᠩᠭᠤᠯ ᠢ ᠲᠤᠰᠠᠯᠠᠨ ᠲᠡᠮᠵᠢᠬᠦ 64 ᠲᠦᠷᠦᠯ ᠤᠨ ᠨᠡᠶᠢᠬᠡᠮ ᠤᠨ ᠠᠵᠢᠯ ᠤᠨ ᠦᠢᠯᠡᠴᠢᠯᠡᠭᠡ ᠬᠠᠩᠭᠠᠬᠤ ᠪᠠᠷ ᠪᠤᠢ
ᠨᠡᠶᠢᠲᠡᠯᠡᠭᠰᠡᠨ ᠴᠠᠭ᠄
2019/7/18
     ᠤᠶᠢᠷ᠎ᠠ ᠳᠤ᠂ ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠦᠨᠦ ᠵᠢᠯ ᠤᠨ ︽ᠬᠠᠮᠳᠤᠷᠠᠨ ᠠᠵᠢᠯᠯᠠᠬᠤ ᠲᠦᠯᠦᠪᠯᠡᠭᠡ︾ ᠳᠤ ᠪᠡᠭᠡᠵᠢᠩ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠨᠡᠶᠢᠬᠡᠮ ᠤᠨ ᠠᠵᠢᠯ ᠤᠨ 20 ᠪᠠᠶᠢᠭᠤᠯᠤᠮᠵᠢ ᠶᠢ ᠲᠤᠮᠢᠯᠠᠨ ᠦᠪᠦᠷ ᠮᠣᠩᠭᠤᠯ ᠤᠨ 20 ᠬᠤᠰᠢᠭᠤ ᠰᠢᠶᠠᠨ ᠳᠤ ᠨᠡᠶᠢᠬᠡᠮ ᠤᠨ ᠠᠵᠢᠯ ᠢ ᠲᠤᠰᠠᠯᠠᠨ ᠲᠡᠮᠵᠢᠬᠦ 64 ᠲᠦᠰᠦᠯ ᠦᠷᠨᠢᠬᠦᠯᠬᠦ ᠪᠤᠯᠤᠨ᠎ᠠ᠃      ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ︽ᠬᠠᠮᠳᠤᠷᠠᠨ ᠠᠵᠢᠯᠯᠠᠬᠤ ᠲᠦᠯᠦᠪᠯᠡᠭᠡ︾ ᠪᠤᠯ ᠠᠷᠠᠳ ᠤᠨ ᠶᠠᠪᠤᠳᠠᠯ ᠤᠨ ᠶᠠᠮᠤᠨ ᠠᠴᠠ ᠨᠡᠶᠢᠬᠡᠮ ᠤᠨ ᠠᠵᠢᠯ ᠬᠦᠭᠵᠢᠭᠰᠡᠨ ᠭᠠᠵᠠᠷ ᠤᠷᠤᠨ ᠠᠴᠠ ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢ ᠰᠢᠯᠢᠵᠤ᠂ ᠲᠤᠰᠠᠯᠠᠨ ᠲᠡᠮᠵᠢᠬᠦ ᠲᠠᠪᠴᠠᠩ ᠪᠠᠶᠢᠭᠤᠯᠬᠤ ᠪᠠᠷ ᠲᠠᠮᠵᠢᠨ ᠤᠯᠤᠰ ᠢ ᠲᠤᠰᠠᠯᠠᠨ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠲᠠᠢ ᠭᠠᠵᠠᠷ ᠤᠷᠤᠨ ᠳᠤ ᠨᠡᠶᠢᠬᠡᠮ ᠤᠨ ᠠᠵᠢᠯ ᠤᠨ ᠵᠢᠱᠢᠶ᠎ᠠ ᠦᠵᠡᠬᠦᠯᠬᠦ ᠦᠢᠯᠡᠴᠢᠯᠡᠭᠡ ᠦᠷᠨᠢᠬᠦᠯᠬᠦ ᠶᠢ ᠬᠡᠯᠡᠨ᠎ᠡ᠃      ᠨᠢᠳᠤᠨᠤᠨ᠂ ᠪᠡᠭᠡᠵᠢᠩ ᠦᠪᠦᠷ ᠮᠣᠩᠭᠤᠯ ᠬᠤᠶᠠᠷ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠠᠮᠳᠤᠷᠠᠨ ᠬᠠᠷᠠᠭᠠᠯᠵᠠᠭᠰᠠᠨ ᠲᠤᠰᠠᠯᠠᠨ ᠲᠡᠮᠵᠢᠬᠦ ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠲᠠᠪᠴᠠᠩ ᠪᠠᠶᠢᠭᠤᠯᠤᠭᠰᠠᠨ ᠪᠠᠶᠢᠨ᠎ᠠ᠃ ᠦᠨᠦ ᠵᠢᠯ ᠦᠪᠦᠷ ᠮᠣᠩᠭᠤᠯ ᠤᠨ ᠶᠠᠳᠠᠭᠤ ᠬᠦᠴᠢᠷᠳᠡᠯᠲᠡᠢ ᠭᠠᠵᠠᠷ ᠤᠷᠤᠨ ᠤ ᠨᠡᠶᠢᠬᠡᠮ ᠤᠨ ᠠᠵᠢᠯ ᠤᠨ ᠪᠠᠶᠢᠭᠤᠯᠤᠮᠵᠢ ᠪᠤᠯᠤᠨ ᠨᠡᠶᠢᠬᠡᠮ ᠤᠨ ᠠᠵᠢᠯ ᠤᠨ ᠴᠢᠳᠠᠪᠤᠷᠢᠳᠠᠨ ᠬᠦᠮᠦᠵᠢᠬᠦᠯᠬᠦ ᠶᠢᠨ ᠲᠦᠯᠦᠬᠡ ᠪᠡᠭᠡᠵᠢᠩ ᠤᠨ ᠠᠷᠠᠳ ᠤᠨ ᠶᠠᠪᠤᠳᠠᠯ ᠤᠨ ᠲᠤᠪᠴᠢᠶᠠᠨ ᠠᠴᠠ ᠪᠡᠭᠡᠵᠢᠩ ᠤᠨ ᠮᠦ ᠶᠧᠤ ᠨᠡᠶᠢᠬᠡᠮ ᠤᠨ ᠠᠵᠢᠯ ᠤᠨ ᠬᠦᠭᠵᠢᠬᠦᠯᠦᠯᠳᠡ ᠶᠢᠨ ᠲᠦᠪ ᠵᠡᠷᠬᠡ 20 ᠨᠡᠶᠢᠬᠡᠮ ᠤᠨ ᠠᠵᠢᠯ ᠤᠨ ᠪᠠᠶᠢᠭᠤᠯᠤᠮᠵᠢ ᠶᠢ ᠲᠤᠮᠢᠯᠠᠵᠤ᠂ ᠬᠦᠬᠡᠬᠤᠳᠠ ᠵᠡᠷᠬᠡ 7 ᠠᠶᠢᠮᠠᠭ ᠬᠤᠳᠠ ᠶᠢᠨ 20 ᠬᠤᠰᠢᠭᠤ ᠰᠢᠶᠠᠨ ᠳᠤ ᠲᠤᠰᠠᠯᠠᠨ ᠲᠡᠮᠵᠢᠬᠦ ᠠᠵᠢᠯᠯᠠᠭ᠎ᠠ ᠦᠷᠨᠢᠬᠦᠯᠬᠦ ᠪᠤᠯᠤᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ