ᠴᠢᠩ ᠱᠦᠶ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠳᠤᠭᠤᠶᠢᠯᠠᠩ ᠵᠣᠬᠢᠶᠠᠨ ᠪᠠᠶᠢᠭᠤᠯᠵᠤ ᠪᠦᠬᠦ ᠬᠤᠲᠠ ᠶᠢᠨ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2019-07-19
     7 ᠳ᠋ᠤᠭᠠᠷ ᠰᠠᠷ᠎ᠠ ᠶᠢᠨ 7 ᠤ ᠡᠳᠦᠷ ᠠᠴᠠ 10 ᠤ ᠡᠳᠦᠷ ᠪᠣᠯᠲᠠᠯ᠎ᠠ᠂ ᠰᠢᠶᠠᠨ ᠤ ᠵᠡᠮᠳᠡᠭᠴᠦᠳ ᠤᠨ ᠬᠤᠯᠪᠣᠭ᠎ᠠ 26 ᠲᠠᠮᠢᠷᠴᠢᠨ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠭᠤᠯᠵᠤ᠂ ᠲᠤᠰ ᠲᠤᠰ ᠬᠦᠨᠳᠦ ᠬᠥᠩᠭᠡᠨ ᠪᠡᠶ᠎ᠡ  ᠶᠢᠨ ᠲᠠᠮᠢᠷ᠂ ᠰᠢᠲᠠᠷ᠎ᠠ᠂ ᠥᠳᠥᠨ ᠪᠥᠮᠪᠦᠭᠡ᠂ ᠫᠢᠩᠫᠠᠩ ᠪᠥᠮᠪᠦᠭᠡ ᠵᠡᠷᠭᠡ ᠳᠥᠷᠪᠡᠨ ᠵᠦᠶᠯ ᠤᠨ ᠤᠷᠤᠯᠳᠤᠭᠠᠨ ᠳᠤ ᠣᠷᠣᠯᠴᠠᠪᠠ᠃ 3 ᠡᠳᠦᠷ ᠤᠨ ᠬᠤᠭᠤᠴᠠᠭᠠᠨ ᠤ ᠲᠠᠮᠢᠷ ᠤᠨ ᠴᠤᠭᠯᠠᠭᠠᠨ ᠳᠤ᠂ ᠮᠠᠨ ᠤ ᠰᠢᠶᠠᠨ ᠤ ᠵᠡᠮᠳᠡᠭᠴᠦᠳ ᠤᠨ ᠬᠤᠯᠪᠣᠭᠠᠨ ᠤ ᠲᠥᠯᠥᠭᠡᠯᠡᠭᠴᠢᠳ ᠤᠨ ᠠᠩᠭᠢ ᠶᠢᠨ ᠲᠠᠮᠢᠷᠴᠢᠳ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠤᠷᠤᠯᠳᠤᠭᠠᠨ ᠤ ᠲᠠᠯᠠᠪᠠᠢ ᠳᠤ ᠬᠠᠮᠲᠤ ᠪᠠᠷ ᠥᠷᠢᠰᠦᠯᠳᠦᠵᠦ᠂ ᠥᠪᠡᠷ ᠢ ᠪᠠᠨ ᠢᠯᠠᠨ ᠳᠠᠪᠠᠨ᠂ ᠥᠨᠳᠥᠷ ᠣᠷᠭᠢᠯ ᠳᠤ ᠡᠷᠡᠯᠬᠡᠭ ᠢᠶᠠᠷ ᠮᠠᠴᠤᠨ ᠭᠠᠷᠴᠤ᠂ ᠲᠡᠳᠡᠨ ᠤ ᠭᠤᠶᠢᠲᠠ ᠰᠠᠶᠢᠬᠠᠨ ᠮᠡᠷᠭᠡᠵᠢᠯ ᠢᠶᠠᠷ ᠪᠢᠳᠡᠨ ᠤ ᠮᠠᠭᠲᠠᠭᠠᠯ ᠰᠠᠶᠢᠰᠢᠶᠠᠯ ᠢ ᠣᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠮᠢ ᠨᠠᠰᠤᠨ ᠤ ᠢᠷᠠᠭᠤ ᠲᠤᠤᠯᠢᠰ ᠢ ᠪᠢᠴᠢᠭᠯᠡᠵᠦ᠂ 20 ᠠᠯᠲᠠᠨ ᠮᠧᠳᠠᠯ 8 ᠮᠥᠩᠭᠦᠨ ᠮᠧᠳᠠᠯ 7 ᠬᠦᠷᠡᠯ ᠮᠧᠳᠠᠯ ᠤᠨ ᠰᠢᠯᠢᠳᠡᠭ ᠬᠢᠷᠢ ᠪᠦᠲᠦᠮᠵᠢ ᠪᠠᠷ ᠪᠦᠬᠦ ᠬᠤᠲᠠ ᠶᠢᠨ ᠳᠥᠷᠪᠡᠳᠦᠭᠡᠷ ᠲᠤ ᠣᠷᠣᠪᠠ᠃      ᠲᠣᠰ ᠤᠳᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠢᠯᠠᠯᠲᠠ ᠲᠠᠢ ᠪᠠᠷ ᠬᠤᠷᠠᠯᠳᠤᠭᠤᠯᠤᠭᠰᠠᠨ ᠨᠢ᠂ ᠪᠦᠬᠦ ᠨᠡᠶᠢᠭᠡᠮ ᠤᠨ ᠵᠡᠮᠳᠡᠭᠴᠦᠳ ᠤᠨ ᠠᠵᠢᠯ ᠦᠢᠯᠡᠰ ᠳᠤ ᠬᠢ ᠲᠠᠨᠢᠯᠲᠠ ᠶᠢ ᠤᠯᠠᠮ ᠳᠡᠭᠡᠭᠰᠢᠯᠡᠭᠦᠯᠵᠦ᠂ ᠵᠡᠮᠳᠡᠭᠴᠦᠳ ᠤᠨ ᠪᠥᠯᠥᠭ ᠴᠣᠭᠴᠠ ᠳᠤ ᠬᠢ ᠣᠶᠢᠯᠠᠭᠠᠯᠲᠠ ᠪᠠ ᠳᠡᠮᠵᠢᠭᠡ ᠶᠢ ᠨᠡᠮᠡᠭᠳᠡᠭᠦᠯᠵᠦ᠂ ᠵᠡᠮᠳᠡᠭᠴᠦᠳ ᠤᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠣᠷᠣᠯᠴᠠᠨ᠂ ᠳᠡᠮᠵᠢᠯᠭᠡ ᠦᠵᠡᠭᠦᠯᠦᠨ᠂ ᠠᠬᠢᠭᠤᠯᠬᠤ ᠳᠤ ᠯᠤᠲᠤ ᠶᠡᠭᠡ ᠬᠠᠯᠠᠭᠤᠨ ᠰᠡᠳᠬᠢᠯᠭᠡ ᠶᠢ ᠳᠠᠶᠢᠴᠢᠯᠠᠬᠤ ᠳᠤ ᠢᠳᠡᠪᠬᠢᠲᠡᠢ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号