7ᠳ᠋ᠤᠭᠠᠷ ᠰᠠᠷ᠎ᠠ ᠶᠢᠨ 12— 17 ᠤ ᠡᠳᠤᠷ ᠪᠣᠯᠲᠠᠯ᠎ᠠ᠂ ᠠᠷᠪᠠᠨ ᠨᠢᠬᠡᠳᠤᠭᠡᠷ ᠬᠤᠭᠤᠴᠠᠭᠠᠨ ᠤ ᠪᠥᠬᠦ | ᠤᠯᠤᠰ ᠤᠨ ᠴᠥᠭᠡᠨ ᠲᠤᠭᠠᠳᠤ ᠦᠨᠳᠦᠰᠦᠲᠡᠨ ᠤ ᠲᠠᠮᠢᠷ ᠤᠨ ᠴᠤᠭᠯᠠᠭᠠᠨ ᠤ ᠮᠤᠷᠢᠨ ᠤᠷᠤᠯᠳᠤᠭᠠᠨ ᠤ | ᠬᠦᠬᠡᠬᠤᠲᠠ ᠶᠢᠨ ᠬᠤᠪᠢᠶᠠᠷᠢ ᠲᠠᠯᠠᠪᠠᠢ ᠤᠷᠤᠯᠳᠤᠭᠠᠨ ᠥᠪᠥᠷ ᠮᠤᠩᠭᠤᠯ ᠤᠨ ᠴᠦᠬᠡᠨ ᠲᠤᠭᠠᠳᠤ ᠦᠨᠳᠦᠰᠦᠲᠡᠨ ᠤ | ᠤᠯᠠᠨ ᠲᠥᠮᠡᠨᠴᠢ ᠰᠤᠶᠤᠯ ᠲᠡᠮᠢᠷ ᠤᠨ ᠬᠥᠳᠡᠯᠭᠡᠭᠡᠨ ᠤ ᠲᠦᠪ ᠲᠤ ᠢᠳᠡ ᠭᠥᠭ ᠲᠠᠢ ᠶᠠᠪᠤᠬᠳᠠᠵᠥ᠂ ᠬᠤᠷᠴᠠ | ᠰᠢᠷᠥᠬᠦᠨ ᠥᠷᠢᠰᠦᠯᠳᠦᠭᠡᠨ ᠢᠶᠠᠷ ᠲᠠᠮᠵᠢᠨ ᠠᠳᠠᠯᠢ ᠪᠣᠰᠤᠭ ᠤᠷᠤᠯᠳᠤᠭᠠᠨ ᠤ ᠲᠥᠷᠥᠯ ᠳᠤ ᠮᠠᠨ ᠤ ᠣᠷᠣᠨ ᠤ | ᠲᠥᠯᠥᠭᠡᠯᠡᠭᠴᠢ ᠶᠢᠨ ᠠᠩᠭᠢ ᠶᠢᠨ ᠲᠠᠮᠢᠷᠴᠢᠳ ᠨᠡᠶᠢᠳᠠ 9 ᠲᠥᠷᠥᠬᠦᠨ ᠱᠠᠩ ᠲᠤᠰᠴᠤ᠂ ᠰᠢᠯᠢᠳᠡᠭ ᠬᠢᠷᠢ | ᠪᠥᠳᠥᠮᠵᠢ ᠶᠢ ᠡᠬᠦᠳᠥᠭᠰᠡᠨ ᠪᠠᠶᠢᠨ᠎ᠠ᠃ | ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠤ ᠮᠤᠷᠢᠨ ᠤᠷᠤᠯᠳᠤᠭᠠᠨ ᠡᠯ᠎ᠡ ᠦᠨᠳᠦᠰᠦᠲᠡᠨ ᠤ | ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠥ᠂ ᠦᠨᠳᠦᠰᠦᠲᠡᠨ ᠤ ᠪᠥᠯᠬᠦᠮᠳᠡᠯ ᠲᠠᠪᠰᠢᠯᠳᠠ ᠪᠠ ᠪᠥᠬᠦ ᠠᠷᠠᠳ ᠤᠨ | ᠪᠡᠶ᠎ᠡ ᠪᠠᠨ ᠴᠢᠬᠢᠷᠠᠬᠵᠢᠭᠤᠯᠬᠤ ᠶᠢ ᠠᠬᠢᠭᠤᠯᠬᠤ ᠪᠠᠷ ᠬᠠᠷᠠᠯᠳᠠ ᠪᠤᠯᠭᠠᠨ᠂ ︽ᠡᠷᠭᠡ ᠲᠡᠭᠰᠢ᠂ ᠪᠥᠯᠬᠦᠮᠳᠡᠯ᠂ ᠮᠠᠷᠠᠶᠢᠨ | ᠲᠡᠮᠡᠴᠡᠬᠦ᠂ ᠡᠷᠠᠮᠡᠭᠡᠶᠢᠯᠡᠨ ᠤᠷᠤᠬᠰᠢᠯᠠᠬᠤ︾ ᠴᠤᠬᠯᠠᠭᠠᠨ ᠡᠷᠬᠢᠯᠡᠬᠦ ᠵᠣᠷᠢᠯᠲᠠ ᠶᠢ ᠪᠡᠶᠡᠯᠡᠬᠦᠯᠥᠭᠰᠡᠨ ᠪᠠᠶᠢᠨ᠎ᠠ᠃ | ᠮᠤᠷᠢᠨ ᠤᠷᠤᠯᠳᠤᠭᠠᠨ ᠳᠤ 1000 ᠮᠧᠲᠷ᠂ 2000 ᠮᠧᠲᠷ᠂ 3000 ᠮᠧᠲᠷ᠂ 5000 ᠮᠧᠲᠷ᠂ 8000 | ᠮᠧᠲᠷ ᠤᠨ ᠬᠤᠷᠳᠤᠨ ᠮᠣᠷᠢᠨ ᠤ ᠤᠷᠤᠯᠳᠤᠭᠠᠨ ᠪᠠ ᠵᠢᠷᠤᠭ᠎ᠠ ᠮᠤᠷᠢᠨ ᠤ ᠤᠷᠤᠯᠳᠤᠭᠠᠨ᠂ ᠮᠤᠷᠢᠨ ᠲᠠᠪᠬᠢᠭᠠᠨ ᠳᠤ | ᠬᠠᠳᠠᠬ ᠰᠢᠬᠦᠷᠬᠦ ᠪᠠ ᠮᠤᠷᠢᠨ ᠲᠠᠪᠬᠢᠭᠠᠨ ᠳᠤ ᠰᠤᠷ ᠬᠠᠷᠪᠤᠬᠤ ᠵᠡᠷᠭᠡ ᠤᠷᠤᠯᠳᠤᠭᠠᠨ ᠶᠠᠪᠤᠭᠳᠠᠵᠤ᠂ ᠲᠥᠷᠥᠬᠦᠦ | ᠭᠤᠷᠪᠠᠨ ᠨᠠᠷᠠᠰ ᠢ ᠰᠢᠯᠭᠠᠷᠠᠭᠤᠯᠤᠨ ᠭᠠᠷᠭᠠᠪᠠ᠃ ᠡᠬᠦᠨ ᠳᠤ᠂ ᠮᠠᠨ ᠤ ᠣᠷᠣᠨ ᠤ ᠲᠠᠮᠢᠷᠴᠢᠳ ᠠᠴᠠ ᠭᠠᠳᠠᠨ᠎ᠠ | ᠲᠥᠪᠡᠳ᠂ ᠰᠢᠨᠵᠢᠶᠠᠩ᠂ ᠶᠥᠨᠨᠡᠨ᠂ ᠾᠧᠨᠠᠨ᠂ ᠾᠧᠪᠸᠢ᠂ ᠱᠠᠨ ᠰᠢ᠂ ᠬᠥᠬᠡᠨᠡᠭᠤᠷ᠂ ᠰᠢᠨᠵᠢᠶᠠᠩ ᠤᠨ | ᠥᠢᠯᠡᠳᠪᠤᠷᠢᠯᠡᠯ ᠤᠨ ᠪᠥᠳᠥᠭᠡᠨ ᠪᠠᠶᠢᠭᠤᠯᠤᠯᠳᠠ ᠶᠢᠨ ᠪᠢᠡᠭᠲ᠋ᠤᠸᠠᠨ ᠵᠡᠷᠭᠡ 9 ᠲᠥᠯᠥᠭᠡᠯᠡᠭᠴᠢ ᠶᠢᠨ ᠠᠩᠭᠢ ᠶᠢᠨ | ᠲᠠᠮᠢᠷᠴᠢᠳ ᠬᠦᠯᠦᠭ ᠮᠤᠷᠢᠳ ᠲᠠᠢ ᠪᠠᠨ ᠤᠷᠤᠯᠳᠤᠭᠠᠨ ᠳᠤ ᠥᠷᠢᠰᠥᠯᠳᠥᠵᠥ ᠤᠬᠠᠭᠠᠨ ᠴᠢᠳᠠᠪᠤᠷᠢ ᠪᠠᠨ | ᠭᠠᠶᠢᠬᠠᠭᠤᠯᠤᠭᠰᠠᠨ ᠪᠠᠶᠢᠨ᠎ᠠ᠃ |