ᠶᠠᠳᠠᠭᠤ ᠶᠢ ᠲᠡᠳᠬᠦᠬᠦ ᠪᠡᠯᠡ ᠮᠥᠩᠭᠦ ᠶᠢ ᠵᠠᠩᠬᠢᠯᠠᠭ᠎ᠠ ᠶᠢᠨ ᠭᠠᠵᠠᠷ ᠲᠤᠨᠢ ᠬᠡᠷᠡᠭᠯᠡᠨ᠎ᠠ
ᠨᠡᠶᠢᠲᠡᠯᠡᠭᠰᠡᠨ ᠴᠠᠭ᠄
2019/7/19
ᠡᠳ᠋ ᠤᠨ ᠵᠠᠰᠠᠭ ᠤᠨ ᠶᠠᠮᠤᠨ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯᠳᠠᠯᠭ᠎ᠠ ᠲᠠᠢ ᠠᠵᠢᠯ ᠪᠣᠯᠤᠨ ᠬᠠᠯᠠᠮᠰᠢᠯ ᠠᠰᠠᠭᠤᠳᠠᠯ ᠳᠤ ᠬᠠᠷᠢᠭᠤ ᠥᠭᠪᠡ —      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠰᠠᠷ᠎ᠠ ᠶᠢᠨ 17 ᠤ  ᠡᠳᠦᠷ ᠤᠨ  ᠮᠡᠳᠡᠭᠡ  ︵ᠰᠤᠷᠪᠤᠯᠵᠢᠯᠠᠭᠴᠢ‌‍ᠴᠢᠦᠶ ᠵᠧ ᠬᠠᠨ︶ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ  ᠰᠢᠪᠳᠤᠯᠬᠤ‌ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠬᠡᠷᠬᠢᠨ  ᠬᠦᠢᠴᠡᠳᠭᠡᠭᠰᠡᠨ  ᠪᠣᠶ︖  ᠡᠳ᠋ ᠤᠨ  ᠵᠠᠰᠠᠭ ᠤᠨ  ᠶᠠᠳᠠᠭᠤ ᠵᠢ‌‍ᠲ᠋ᠡᠳᠬᠦᠬᠦ ᠪᠠᠯᠠ ᠮᠥᠩᠭᠦ ᠶᠢ ᠵᠠᠩᠭᠢᠯᠠᠭ᠎ᠠ ᠶᠢᠨ  ᠭᠠᠵᠠᠷ ᠲᠤᠨᠢ  ᠬᠡᠷᠡᠭᠯᠡᠭᠰᠡᠨ  ᠤᠤ  ᠦᠭᠡᠢ  ᠤᠤ︖  ᠲᠦᠷᠦᠭᠦᠬᠡᠨ᠂  ᠡᠳ᠋ ‍ᠤᠨ‌ᠵᠠᠰᠠᠭ ᠤᠨ ᠶᠠᠮᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ  ᠠᠵᠢᠯ ᠤᠨ  ᠤᠳᠤᠷᠢᠳᠬᠤ  ᠳᠤᠭᠤᠶᠢᠯᠠᠩ ‍ᠤᠨ‌ᠬᠠᠷᠢᠭᠤᠴᠠᠯᠭᠠᠲᠠᠨ ᠲᠣᠳᠣᠷᠬᠠᠶ ᠳᠠᠩᠰᠠ ᠨᠡᠶᠢᠲᠡᠯᠡᠪᠡ᠃              ᠤᠢᠢᠷ᠎ᠠ ᠶᠢᠨ ᠵᠢᠯ ᠠᠴᠠ ᠨᠠᠭᠠᠰᠢ᠂ ᠲᠥᠪ ᠤᠨ ᠡᠳ᠋ ᠤᠨ ᠵᠠᠰᠠᠭ ᠠᠴᠠ ᠶᠠᠳᠠᠭᠤ ᠬᠦᠴᠢᠷᠳᠡᠯᠲᠡᠶ  ᠭᠠᠵᠠᠷ  ᠣᠷᠣᠨ ᠳ᠋ᠤ᠋‌ᠡᠩ ᠤᠨ ᠴᠢᠨᠠᠷᠲᠠᠶ  ᠰᠢᠯᠵᠢᠭᠦᠯᠦᠨ  ᠥᠭᠬᠦ  ᠡᠷᠴᠢᠮ ᠢᠶᠠᠨ  ᠲᠠᠰᠤᠷᠠᠯᠲᠠ  ᠦᠭᠡᠢ  ᠴᠢᠩᠭᠠᠷᠠᠭᠤᠯᠪᠠ᠃  2019  ᠣᠨ ᠳ᠋ᠤ᠋‌‍ᠲ᠋ᠥ᠋ᠪ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 1261 ᠳ᠋ᠦᠩᠰᠢᠭᠤᠷ  ᠲᠥᠭᠦᠷᠢᠭ  ᠲᠣᠬᠢᠷᠠᠭᠤᠯᠵᠤ᠂  4  ᠵᠢᠯ‌‍ᠲ᠋ᠠᠷᠠᠭᠠᠯᠠᠨ ᠵᠢᠯ ᠪᠦᠷᠢ 200 ᠳ᠋ᠦᠩᠰᠢᠭᠤᠷ ᠲᠥᠭᠦᠷᠢᠭ ᠴᠡᠪᠡᠷ ᠨᠡᠮᠡᠭᠳᠡᠭᠦᠯᠪᠡ᠃              ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠬᠤ ᠶᠢᠨ  ᠲᠤᠰᠠᠳᠠ᠂  ᠡᠳ᠋ ᠤᠨ  ᠵᠠᠰᠠᠭ ᠤᠨ  ᠶᠠᠮᠤᠨ‌‍ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠥᠳᠡᠯᠦᠩᠭᠦᠶ  ᠬᠢᠨᠠᠨ  ᠡᠵᠡᠮᠳᠡᠬᠦ  ᠲᠠᠪᠴᠠᠩ ᠢ  ᠠᠩᠬ᠎ᠠ  ᠠᠯᠬᠤᠮ  ᠪᠠᠶᠢᠭᠤᠯᠪᠠ᠃ᠣᠳᠣᠬᠠᠨ ᠳᠤ᠂ 28 ᠮᠣᠵᠢ ᠣᠷᠣᠨ ᠨᠢ  ᠬᠢᠨᠠᠨ  ᠡᠵᠡᠮᠳᠡᠬᠦ  ᠲᠠᠪᠴᠠᠩ ᠤᠨ  ᠪᠠᠶᠢᠷᠢᠯᠠᠭᠤᠯᠤᠯᠲᠠ ᠶᠢ  ᠨᠢᠭᠡᠨᠲᠡ  ᠪᠦᠭᠦᠨ  ᠢ‌‍ᠪᠡᠶᠡᠯᠡᠭᠦᠯᠵᠦ᠂ 330 ᠲᠤᠰᠬᠠᠶ  ᠣᠷᠣᠨ ᠤ  ᠲᠡᠰ ᠤᠨ  ᠬᠤᠲᠠ᠂  2900  ᠭᠠᠷᠤᠶ  ᠰᠢᠶᠠᠨ  ︵ᠲᠣᠭᠤᠷᠢᠭ︶ ᠢ  ᠨᠢᠭᠡᠨᠲᠡ‌‍ᠰᠦ᠋ᠯᠵᠢᠶᠡᠨ ᠳᠤ ᠭᠠᠷᠭᠠᠨ ᠠᠵᠢᠯᠯᠠᠭᠤᠯᠵᠤ ᠬᠡᠷᠡᠭᠯᠡᠵᠡᠢ᠃              ᠠᠮᠵᠢᠯᠲᠠ ᠪᠦᠲᠦᠮᠵᠢ ᠶᠢᠨ  ᠬᠠᠮᠢᠶᠠᠷᠤᠯᠲᠠ ᠶᠢᠨ  ᠲᠠᠯ᠎ᠠ ᠪᠠᠷ᠂  ᠡᠯ᠎ᠡ  ᠱᠠᠲᠤᠨ ᠤ  ᠡᠳ᠋ ᠤᠨ  ᠵᠠᠰᠠᠭ ᠤᠨ  ᠰᠠᠯᠠᠭ᠎ᠠ‌ᠮᠥ᠋ᠴᠢᠷ ᠤᠳ ᠶᠠᠳᠠᠭᠤ ᠶᠢ ᠲᠡᠳᠬᠦᠬᠦ ᠪᠡᠯᠡ ᠮᠥᠩᠭᠦ ᠶᠢᠨ ︽ᠵᠣᠭᠤᠰ ᠵᠠᠷᠤᠪᠠᠯ ᠵᠠᠪᠠᠯ  ᠦᠷ᠎ᠡ  ᠪᠦᠲᠦᠮᠵᠢ ᠶᠢ ᠨᠢ  ᠠᠰᠠᠭᠤᠬᠤ᠂ᠦᠷ᠎ᠠ ᠪᠦᠲᠦᠮᠵᠢ ᠦᠭᠡᠢ ᠪᠣᠯ  ᠵᠠᠪᠠᠯ  ᠬᠠᠷᠢᠭᠤᠴᠠᠯᠭ᠎ᠠ  ᠨᠡᠬᠡᠮᠵᠢᠯᠡᠬᠦ︾  ᠬᠠᠮᠢᠶᠠᠷᠤᠯᠳᠠ ᠶᠢᠨ  ᠲᠤᠬᠳᠠᠴᠠ ᠶᠢ  ᠪᠠᠶᠢᠭᠤᠯᠪᠠ᠃2018 ᠤᠨ ᠤ ᠡᠴᠦᠰ ᠪᠣᠯᠲᠠᠯ᠎ᠠ᠂ ᠪᠥᠬᠦ ᠤᠯᠤᠰ ᠤᠨ 28 ᠮᠣᠵᠢ ᠣᠷᠣᠨ ᠨᠢ ᠨᠡᠶᠢᠲᠡ ᠪᠠᠷᠤᠬ 11 ᠲᠦᠮᠡᠨ  ᠶᠠᠳᠠᠭᠤ ᠵᠢ‌‍ᠲ᠋ᠡᠳᠬᠦᠬᠦ ᠲᠦᠷᠦᠯ ᠵᠦᠢᠯ ᠤᠨ ᠠᠮᠵᠢᠯᠲᠠ  ᠪᠦᠲᠦᠮᠵᠢ ᠶᠢᠨ  ᠬᠠᠷᠠᠯᠲᠠ ᠶᠢ  ᠲᠠᠬᠯᠠᠵᠤ  ᠮᠡᠳᠡᠭᠦᠯᠦᠭᠰᠡᠨ  ᠪᠠᠶᠢᠨ᠎ᠠ᠃  2019ᠤᠨ ᠤ 5 ᠰᠠᠷ᠎ᠠ ᠶᠢᠨ ᠰᠡᠭᠦᠯᠴᠢ ᠪᠠᠷ ᠶᠠᠳᠠᠭᠤ ᠶᠢ ᠲᠡᠳᠬᠦᠬᠦ ᠲᠥᠷᠥᠯ  ᠵᠦᠢᠯ ᠤᠨ  ᠠᠮᠵᠢᠯᠲᠠ  ᠪᠦᠲᠦᠮᠵᠢ ᠶᠢ  ᠥᠪᠡᠰᠦᠪᠡᠨ‌ᠦᠨᠡᠯᠡᠬᠦ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃         ᠠᠯᠪᠠᠨ  ᠵᠢᠷᠤᠮ ᠤᠨ  ᠰᠤᠷᠭᠠᠨ  ᠬᠥᠮᠦᠵᠢᠯ ᠤᠨ  ᠲᠠᠯ᠎ᠠ ᠪᠠᠷ᠂  2019  ᠤᠨ ᠤ   ᠨᠠᠮᠤᠷ ᠤᠨ   ᠤᠯᠠᠷᠢᠯ ‍ᠤᠨ‌‍ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ  ᠰᠠᠭᠤᠭ᠎ᠠ  ᠪᠤᠰᠤ‌‍ᠰᠤᠷᠤᠭᠴᠢ ᠶᠢ ᠠᠮᠢᠳᠤᠷᠠᠯ ᠤᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠨ᠎ᠠ᠃ 2019 ᠣᠨ ᠳᠤ ᠶᠠᠳᠠᠭᠤ ᠬᠦᠴᠢᠷᠳᠡᠯᠲᠡᠶ‌ᠭᠠᠵᠠᠷ ᠣᠷᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ  ᠲᠡᠵᠢᠭᠡᠯᠲᠦ‌ᠬᠤᠭᠤᠯᠠ ᠤᠮᠳᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡ ᠪᠦᠷᠢ ᠳᠤ ᠡᠳᠦᠷ  ᠪᠦᠷᠢ  4  ᠲᠥᠭᠦᠷᠢᠭ  ᠪᠣᠯᠭᠠᠨ‌ᠨᠢᠭᠡᠳᠬᠡᠪᠠ᠃         ᠦᠨᠳᠦᠰᠦᠨ ᠡᠮ ᠡᠮᠨᠡᠯᠭᠡ ᠶᠢᠨ ᠲᠠᠯ᠎ᠠ ᠪᠠᠷ᠂ ᠲᠥᠪ ᠤᠨ ᠡᠳ᠋ ᠤᠨ  ᠵᠠᠰᠠᠭ ᠠᠴᠠ  ᠭᠤᠤᠯᠳᠠᠭᠤ  ᠡᠮ  ᠡᠮᠨᠡᠯᠭᠡ ᠵᠢᠨ‌ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠪᠠᠷ  ᠳᠠᠮᠵᠢᠭᠤᠯᠤᠨ  ᠶᠠᠳᠠᠭᠤ  ᠬᠦᠴᠢᠷᠳᠡᠯᠲᠡᠶ  ᠬᠥᠮᠦᠨ  ᠠᠮᠠ ᠶᠢ  ᠲᠡᠳᠬᠦᠨ‌ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠬᠤ ᠶᠢᠨ ᠬᠠᠮᠲᠤ ᠨᠥᠬᠦᠴᠡᠯ ᠳᠤ ᠨᠡᠶᠢᠴᠡᠬᠦ ᠡᠲᠡᠭᠡᠳ ᠤᠨ  ᠬᠤᠪᠢ‌‍ᠬᠥ᠋ᠮᠦᠨ ᠤ ᠦᠪᠡᠰᠦᠪᠡᠨ ᠬᠠᠷᠢᠭᠤᠴᠠᠬᠤ ᠡᠮ ᠡᠮᠨᠡᠯᠭᠡ ᠶᠢᠨ ᠵᠠᠷᠤᠳᠠᠯ ᠳᠤ ᠨᠥᠬᠦᠪᠥᠷᠢ ᠤᠯᠭᠤᠪᠠ᠃ 2016  —  2019ᠣᠨ ᠪᠤᠯᠳᠠᠯ᠎ᠠ᠂ ᠲᠥᠪ ᠤᠨ ᠡᠳ᠋ ᠤᠨ ᠵᠠᠰᠠᠭ ᠠᠴᠠ 889.96 ᠳ᠋ᠦᠩᠰᠢᠭᠤᠷ ᠲᠥᠭᠦᠷᠢᠭ ᠤᠨ  ᠡᠮ  ᠡᠮᠨᠡᠯᠭᠡ ᠶᠢᠨ  ᠠᠪᠤᠷᠠᠨ‌‍ᠲ᠋ᠤᠰᠠᠯᠠᠬᠤ ᠨᠥᠬᠦᠪᠥᠷᠢ ᠮᠥᠩᠭᠦ ᠪᠠᠭᠤᠯᠭᠠᠪᠠ᠃              ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ᠂  2019  ᠣᠨ ᠳᠤ  ᠡᠳ᠋ ᠤᠨ  ᠵᠠᠰᠠᠭ ᠤᠨ  ᠶᠠᠮᠤᠨ᠂ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠶᠠᠮᠤᠨ ᠠᠴᠠ  ᠪᠥᠬᠦ  ᠤᠯᠤᠰ ᠤᠨ  ᠦᠯᠡᠳᠡᠵᠦ‌‍ᠪᠠᠶᠢᠬᠤ ᠲᠠᠩᠰᠠᠯᠠᠵᠤ  ᠺᠠᠷᠲᠯᠠᠬᠰᠠᠨ  ᠶᠠᠳᠠᠭᠤ  ᠬᠦᠴᠢᠷᠳᠡᠯᠲᠡᠶ  ᠡᠷᠦᠬᠡ  ᠵᠡᠷᠭᠡ  ᠳᠥᠷᠪᠡᠨ  ᠲᠥᠷᠥᠯ ᠤᠨ  ᠭᠤᠤᠯᠳᠠᠯᠭ᠎ᠠ ᠲᠠᠢ‌ᠡᠲᠡᠭᠡᠳ ᠤᠨ ᠬᠠᠳᠠᠭᠠᠯᠠᠬᠳᠠᠵᠤ ᠪᠠᠶᠢᠬᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠭᠦ ᠡᠭᠦᠷᠭᠡ ᠶᠢ ᠨᠢᠭᠡ  ᠯᠡ‌ᠤᠳᠠᠭ᠎ᠠ ᠳᠤ ᠪᠦᠬᠦᠨ ᠢ ᠪᠠᠭᠤᠯᠭᠠᠵᠤ᠂ ᠡᠯ᠎ᠡ ᠭᠠᠵᠠᠷ ᠤᠨ ᠬᠢᠨ ᠢ 2020 ᠤᠨ ᠤ 6  ᠰᠠᠷ᠎ᠠ ᠶᠢᠨ  ᠰᠡᠭᠦᠯᠴᠢ ᠠᠴᠠ  ᠡᠮᠦᠨ᠎ᠡ‌‍ᠪᠠᠷᠢᠯᠭ᠎ᠠ ᠶᠢᠨ ᠠᠵᠢᠯ ᠢᠶᠠᠨ ᠪᠦᠬᠦᠨ ᠢ ᠳᠠᠭᠤᠰᠬᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ  ᠬᠠᠮᠲᠤ᠂  ︽ᠭᠤᠷᠪᠠᠨ  ᠤᠷᠤᠨ‌ᠭᠤᠷᠪᠠᠨ ᠵᠧᠤ︾ ᠵᠡᠷᠭᠡ ᠣᠨᠴᠠ ᠶᠠᠳᠠᠭᠤ  ᠬᠦᠴᠢᠷᠳᠡᠯᠲᠡᠶ  ᠭᠠᠵᠠᠷ  ᠣᠷᠣᠨ ᠤ  ᠳᠥᠷᠪᠡᠨ  ᠲᠥᠷᠥᠯ ᠤᠨ  ᠭᠤᠤᠯᠳᠠᠯᠭ᠎ᠠ ᠲᠠᠢ‌ᠡᠲᠡᠭᠡᠳ ᠤᠨ  ᠨᠤᠷᠠᠬᠤ  ᠠᠶᠤᠯᠲᠠᠶ  ᠭᠡᠷ  ᠪᠠᠶᠢᠰᠢᠩ ᠢ  ᠥᠭᠡᠷᠡᠴᠢᠯᠡᠨ  ᠰᠢᠨᠡᠳᠭᠡᠭᠦ  ᠨᠥᠬᠦᠪᠥᠷᠢ ᠶᠢᠨ  ᠪᠠᠷᠢᠮᠵᠢᠶ᠎ᠠ ᠶᠢ  ᠪᠥᠬᠦ‌ᠤᠯᠤᠰ ᠤᠨ ᠡᠷᠦᠬᠡ ᠪᠦᠷᠢ ᠳᠤ ᠳᠤᠮᠳᠠᠴᠢ ᠪᠠᠷ 1.4 ᠲᠦᠮᠡᠨ ᠲᠥᠭᠦᠷᠢᠭ ᠥᠭᠭᠦᠭᠰᠡᠨ ᠰᠠᠭᠤᠷᠢᠨ ᠳᠡᠭᠡᠷ᠎ᠡ ᠡᠷᠦᠬᠡ  ᠪᠦᠷᠢ ᠳᠤ0.2 ᠲᠦᠮᠡᠨ ᠲᠥᠭᠦᠷᠢᠭ ᠳᠡᠭᠡᠭᠰᠢᠯᠡᠭᠦᠯᠪᠠ᠃              ᠤᠤᠭᠤᠬᠤ  ᠤᠰᠤᠨ ᠤ  ᠠᠮᠤᠷ  ᠲᠦᠪᠰᠢᠨ ᠤ  ᠲᠠᠯ᠎ᠠ ᠪᠠᠷ᠂  ︽ᠠᠷᠪᠠᠨ   ᠭᠤᠷᠪᠠᠳᠤᠭᠠᠷ   ᠲᠠᠪᠤᠨ   ᠵᠢᠯ︾ ‍ᠤᠨ‌ᠬᠤᠭᠤᠴᠠᠭᠠᠨ ᠳᠤ᠂ ᠲᠥᠪ ᠤᠨ ᠡᠳ᠋ ᠤᠨ ᠵᠠᠰᠠᠭ ᠠᠴᠠ ᠨᠢᠭᠡᠨᠲᠡ ᠲᠥᠪ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ‌ᠣᠷᠣᠭᠤᠯᠤᠯᠲᠠ ᠪᠠᠷ ᠳᠠᠮᠵᠢᠭᠤᠯᠤᠨ 220 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠬᠥᠳᠡᠭᠡ ᠲᠣᠰᠬᠤᠨ ‍ᠤ‌ᠤᠤᠭᠤᠬᠤ ᠤᠰᠤᠨ ᠤ ᠠᠮᠤᠷ ᠲᠦᠪᠰᠢᠨ ᠢ  ᠪᠠᠬᠢᠵᠢᠭᠦᠯᠦᠨ  ᠳᠡᠭᠡᠭᠰᠢᠯᠡᠭᠦᠯᠬᠦ  ᠢᠨᠵᠧᠨᠧᠷᠢᠩ ᠢ  ᠳᠡᠮᠵᠢᠪᠡ᠂  ᠡᠨᠡᠬᠦ  ᠰᠠᠭᠤᠷᠢᠨ‌‍ᠲ᠋ᠡᠭᠡᠷ᠎ᠡ᠂  2019  —  2020  ᠣᠨ ᠳᠤ  ᠬᠥᠳᠡᠭᠡ  ᠲᠣᠰᠬᠤᠨ ᠤ  ᠤᠤᠭᠤᠬᠤ  ᠤᠰᠤᠨ ᠤ  ᠠᠮᠤᠷ  ᠲᠦᠪᠰᠢᠨ ᠢ‌‍ᠪᠠᠬᠢᠵᠢᠭᠦᠯᠦᠨ  ᠳᠡᠭᠡᠭᠰᠢᠯᠡᠭᠦᠯᠬᠦ  ᠢᠨᠵᠧᠨᠧᠷᠢᠩ ᠤᠨ  ᠪᠡᠯᠡ  ᠮᠥᠩᠭᠦ ᠶᠢ  ᠦᠷᠭᠦᠯᠵᠢᠯᠡᠨ  60   ᠳ᠋ᠦᠩᠰᠢᠭᠤᠷ   ᠲᠥᠭᠦᠷᠢᠭ‌‍ᠲ᠋ᠣᠬᠢᠷᠠᠭᠤᠯᠵᠤ᠂ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠩᠰᠠᠯᠠᠵᠤ ᠺᠠᠷᠲᠯᠠᠬᠰᠠᠨ ᠶᠠᠳᠠᠭᠤ ᠬᠦᠴᠢᠷᠳᠡᠯᠲᠡᠶ ᠬᠥᠮᠦᠨ‌ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠵᠢᠴᠢ ᠤᠤᠭᠤᠬᠤ ᠤᠰᠤᠨ ᠳᠠᠬᠢ  ᠹᠯᠣᠷ  ᠪᠠᠷᠢᠮᠵᠢᠶ᠎ᠠ ᠡᠴᠠ‌‍ᠬᠡᠳᠦᠷᠡᠭᠰᠡᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠭᠦ ᠪᠠᠷ  ᠪᠠᠶᠢᠨ᠎ᠠ᠃  2019  ᠣᠨ ᠳᠤ  ᠲᠥᠪ ᠤᠨ  ᠡᠳ᠋ ‍ᠤᠨ‌ᠵᠠᠰᠠᠭ ᠠᠴᠠ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠪᠠᠷ ᠲᠠᠮᠵᠢᠭᠤᠯᠤᠨ 14.5 ᠳ᠋ᠦᠩᠰᠢᠭᠤᠷ ᠲᠥᠭᠦᠷᠢᠭ‌‍ᠲ᠋ᠣᠬᠢᠷᠠᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠪᠠᠷᠢᠯᠭ᠎ᠠ ᠶᠢ ᠰᠡᠯᠪᠢᠨ  ᠵᠠᠰᠠᠵᠤ  ᠠᠷᠠᠴᠢᠯᠠᠨ  ᠬᠠᠮᠠᠭᠠᠯᠠᠬᠤ ᠵᠢ‌ᠠᠩᠬ᠎ᠠ ᠤᠳᠠᠭ᠎ᠠ ᠲᠥᠪ ᠤᠨ ᠡᠳ᠋ ᠤᠨ ᠵᠠᠰᠠᠭ ᠤᠨ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠪᠠ᠃
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ