7ᠳ᠋ᠤᠭᠠᠷ ᠰᠠᠷ᠎ᠠ ᠶᠢᠨ 12— 17 ᠤ ᠡᠳᠤᠷ ᠪᠣᠯᠲᠠᠯ᠎ᠠ᠂ ᠠᠷᠪᠠᠨ ᠨᠢᠬᠡᠳᠤᠭᠡᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠤᠭᠠᠳᠤ | ᠦᠨᠳᠦᠰᠦᠲᠡᠨ ᠤ ᠲᠠᠮᠢᠷ ᠤᠨ ᠴᠤᠭᠯᠠᠭᠠᠨ ᠤ ᠮᠤᠷᠢᠨ ᠤᠷᠤᠯᠳᠤᠭᠠᠨ ᠤ ᠬᠦᠬᠡᠬᠤᠲᠠ ᠶᠢᠨ ᠬᠤᠪᠢᠶᠠᠷᠢ ᠲᠠᠯᠠᠪᠠᠢ ᠤᠷᠤᠯᠳᠤᠭᠠᠨ ᠥᠪᠥᠷ ᠮᠤᠩᠭᠤᠯ ᠤᠨ | ᠴᠦᠬᠡᠨ ᠲᠤᠭᠠᠳᠤ ᠦᠨᠳᠦᠰᠦᠲᠡᠨ ᠤ ᠤᠯᠠᠨ ᠲᠥᠮᠡᠨᠴᠢ ᠰᠤᠶᠤᠯ ᠲᠡᠮᠢᠷ ᠤᠨ ᠬᠥᠳᠡᠯᠭᠡᠭᠡᠨ ᠤ ᠲᠦᠪ ᠲᠤ ᠢᠳᠡ ᠭᠥᠭ ᠲᠠᠢ ᠶᠠᠪᠤᠬᠳᠠᠵᠥ᠂ ᠬᠤᠷᠴᠠ | ᠰᠢᠷᠥᠬᠦᠨ ᠥᠷᠢᠰᠦᠯᠳᠦᠭᠡᠨ ᠢᠶᠠᠷ ᠲᠠᠮᠵᠢᠨ ᠠᠳᠠᠯᠢ ᠪᠣᠰᠤᠭ ᠤᠷᠤᠯᠳᠤᠭᠠᠨ ᠤ ᠲᠥᠷᠥᠯ ᠳᠤ ᠮᠠᠨ ᠤ ᠣᠷᠣᠨ ᠤ ᠲᠥᠯᠥᠭᠡᠯᠡᠭᠴᠢ ᠶᠢᠨ ᠠᠩᠭᠢ ᠶᠢᠨ ᠲᠠᠮᠢᠷᠴᠢᠳ | ᠨᠡᠶᠢᠳᠠ 9 ᠲᠥᠷᠥᠬᠦᠨ ᠱᠠᠩ ᠲᠤᠰᠴᠤ᠂ ᠰᠢᠯᠢᠳᠡᠭ ᠬᠢᠷᠢ ᠪᠥᠳᠥᠮᠵᠢ ᠶᠢ ᠡᠬᠦᠳᠥᠭᠰᠡᠨ ᠪᠠᠶᠢᠨ᠎ᠠ᠃ | ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠤ ᠮᠤᠷᠢᠨ ᠤᠷᠤᠯᠳᠤᠭᠠᠨ ᠡᠯ᠎ᠡ ᠦᠨᠳᠦᠰᠦᠲᠡᠨ ᠤ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠥ᠂ | ᠦᠨᠳᠦᠰᠦᠲᠡᠨ ᠤ ᠪᠥᠯᠬᠦᠮᠳᠡᠯ ᠲᠠᠪᠰᠢᠯᠳᠠ ᠪᠠ ᠪᠥᠬᠦ ᠠᠷᠠᠳ ᠤᠨ ᠪᠡᠶ᠎ᠡ ᠪᠠᠨ ᠴᠢᠬᠢᠷᠠᠬᠵᠢᠭᠤᠯᠬᠤ ᠶᠢ ᠠᠬᠢᠭᠤᠯᠬᠤ ᠪᠠᠷ ᠬᠠᠷᠠᠯᠳᠠ ᠪᠤᠯᠭᠠᠨ᠂ ︽ᠡᠷᠭᠡ ᠲᠡᠭᠰᠢ᠂ | ᠪᠥᠯᠬᠦᠮᠳᠡᠯ᠂ ᠮᠠᠷᠠᠶᠢᠨ ᠲᠡᠮᠡᠴᠡᠬᠦ᠂ ᠡᠷᠠᠮᠡᠭᠡᠶᠢᠯᠡᠨ ᠤᠷᠤᠬᠰᠢᠯᠠᠬᠤ︾ ᠴᠤᠬᠯᠠᠭᠠᠨ ᠡᠷᠬᠢᠯᠡᠬᠦ ᠵᠣᠷᠢᠯᠲᠠ ᠶᠢ ᠪᠡᠶᠡᠯᠡᠬᠦᠯᠥᠭᠰᠡᠨ ᠪᠠᠶᠢᠨ᠎ᠠ᠃ ᠮᠤᠷᠢᠨ | ᠤᠷᠤᠯᠳᠤᠭᠠᠨ ᠳᠤ 1000 ᠮᠧᠲᠷ᠂ 2000 ᠮᠧᠲᠷ᠂ 3000 ᠮᠧᠲᠷ᠂ 5000 ᠮᠧᠲᠷ᠂ 8000 ᠮᠧᠲᠷ ᠤᠨ ᠬᠤᠷᠳᠤᠨ ᠮᠣᠷᠢᠨ ᠤ ᠤᠷᠤᠯᠳᠤᠭᠠᠨ ᠪᠠ | ᠵᠢᠷᠤᠭ᠎ᠠ ᠮᠤᠷᠢᠨ ᠤ ᠤᠷᠤᠯᠳᠤᠭᠠᠨ᠂ ᠮᠤᠷᠢᠨ ᠲᠠᠪᠬᠢᠭᠠᠨ ᠳᠤ ᠬᠠᠳᠠᠬ ᠰᠢᠬᠦᠷᠬᠦ ᠪᠠ ᠮᠤᠷᠢᠨ ᠲᠠᠪᠬᠢᠭᠠᠨ ᠳᠤ ᠰᠤᠷ ᠬᠠᠷᠪᠤᠬᠤ ᠵᠡᠷᠭᠡ ᠤᠷᠤᠯᠳᠤᠭᠠᠨ | ᠶᠠᠪᠤᠭᠳᠠᠵᠤ᠂ ᠲᠥᠷᠥᠬᠦᠦ ᠭᠤᠷᠪᠠᠨ ᠨᠠᠷᠠᠰ ᠢ ᠰᠢᠯᠭᠠᠷᠠᠭᠤᠯᠤᠨ ᠭᠠᠷᠭᠠᠪᠠ᠃ ᠡᠬᠦᠨ ᠳᠤ᠂ ᠮᠠᠨ ᠤ ᠣᠷᠣᠨ ᠤ ᠲᠠᠮᠢᠷᠴᠢᠳ ᠠᠴᠠ ᠭᠠᠳᠠᠨ᠎ᠠ ᠲᠥᠪᠡᠳ᠂ | ᠰᠢᠨᠵᠢᠶᠠᠩ᠂ ᠶᠥᠨᠨᠡᠨ᠂ ᠾᠧᠨᠠᠨ᠂ ᠾᠧᠪᠸᠢ᠂ ᠱᠠᠨ ᠰᠢ᠂ ᠬᠥᠬᠡᠨᠡᠭᠤᠷ᠂ ᠰᠢᠨᠵᠢᠶᠠᠩ ᠤᠨ ᠥᠢᠯᠡᠳᠪᠤᠷᠢᠯᠡᠯ ᠤᠨ ᠪᠥᠳᠥᠭᠡᠨ ᠪᠠᠶᠢᠭᠤᠯᠤᠯᠳᠠ ᠶᠢᠨ | ᠪᠢᠡᠭᠲ᠋ᠤᠸᠠᠨ ᠵᠡᠷᠭᠡ 9 ᠲᠥᠯᠥᠭᠡᠯᠡᠭᠴᠢ ᠶᠢᠨ ᠠᠩᠭᠢ ᠶᠢᠨ ᠲᠠᠮᠢᠷᠴᠢᠳ ᠬᠦᠯᠦᠭ ᠮᠤᠷᠢᠳ ᠲᠠᠢ ᠪᠠᠨ ᠤᠷᠤᠯᠳᠤᠭᠠᠨ ᠳᠤ ᠥᠷᠢᠰᠥᠯᠳᠥᠵᠥ ᠤᠬᠠᠭᠠᠨ | ᠴᠢᠳᠠᠪᠤᠷᠢ ᠪᠠᠨ ᠭᠠᠶᠢᠬᠠᠭᠤᠯᠤᠭᠰᠠᠨ ᠪᠠᠶᠢᠨ᠎ᠠ᠃ |