7 ᠳ᠋ᠤᠭᠠᠷ ᠰᠠᠷ᠎ᠠ ᠶᠢᠨ 18 ᠤ ᠦᠳᠡ ᠶᠢᠨ ᠡᠮᠦᠨ᠎ᠡ᠂ ᠬᠦᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠶᠠᠨ ᠾᠧ ᠨᠡᠷ | ᠮᠠᠨ ᠤ ᠰᠢᠶᠠᠨ ᠳᠤ ᠬᠦᠷᠴᠦ 2019 ᠣᠨ ᠤ ᠳᠡᠭᠡᠷ᠎ᠡ ᠬᠠᠭᠠᠰ ᠵᠢᠯ ᠤᠨ ᠬᠤᠲᠠ ᠶᠢᠨ ᠬᠠᠮᠢᠶᠠᠷᠤᠯᠲᠠ ᠶᠢᠨ | ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ ᠵᠢᠴᠢ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠪᠠᠶᠢᠴᠠᠭᠠᠨ | ᠵᠢᠯᠣᠭᠤᠳᠪᠠ᠃ ᠰᠢᠶᠠᠨ ᠤ ᠳᠡᠳ᠋ ᠳᠠᠷᠤᠭ᠎ᠠ ᠴᠢ ᠪᠠᠶ ᠰᠢᠶᠣᠤ᠂ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠠᠷᠢᠭᠤᠴᠠᠯᠭᠠᠲᠠᠳ ᠪᠠᠷ᠎ᠠ | ᠪᠣᠯᠪᠠ᠃ | ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠠᠷᠢᠭᠤᠴᠠᠯᠭᠠᠲᠠᠨ | 2019 ᠣᠨ ᠤ ᠳᠡᠭᠡᠷ᠎ᠡ ᠬᠠᠭᠠᠰ ᠵᠢᠯ ᠤᠨ ᠬᠤᠲᠠ ᠶᠢᠨ ᠬᠠᠮᠢᠶᠠᠷᠤᠯᠲᠠ ᠶᠢᠨ ᠡᠩᠨᠡᠭᠡ ᠶᠢᠨ ᠬᠡᠪ ᠴᠢᠨᠠᠷ ᠢ | ᠳᠡᠭᠡᠭᠰᠢᠯᠡᠭᠦᠯᠬᠦ ᠵᠢᠴᠢ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠬᠢᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢ ᠵᠢᠶᠠᠨ ᠾᠧ ᠮᠠᠨ ᠤ ᠰᠢᠶᠠᠨ ᠤ ᠬᠤᠲᠠ ᠶᠢᠨ | ᠬᠠᠮᠢᠶᠠᠷᠣᠯᠲᠠ ᠶᠢᠨ ᠡᠯ᠎ᠡ ᠲᠠᠯ᠎ᠠ ᠶᠢᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ | ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠲᠡᠷᠡ ᠴᠢᠩᠭᠠᠳᠬᠠᠭᠰᠠᠨ ᠨᠢ᠂ ᠨᠢᠭᠡ ᠳᠤ᠂ ︽ᠭᠤᠷᠪᠠᠨ | ᠵᠦᠢᠯ ᠤᠨ ᠳᠦᠷᠢᠮ︾ ᠤᠨ ᠲᠤᠷᠰᠢᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠳᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠬᠠᠤᠯᠢ | ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ ᠢ ᠭᠦᠨᠵᠡᠭᠡᠶ ᠲᠦᠯᠬᠢᠨ ᠠᠬᠢᠭᠤᠯᠵᠤ᠂ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠦᠰᠦᠭ ᠪᠢᠴᠢᠭ᠂ ᠳᠦᠷᠰᠦ ᠰᠢᠩᠭᠡᠭᠡᠯᠲᠡ ᠶᠢᠨ ᠲᠡᠮᠳᠡᠭᠯᠡᠯ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ᠂ ᠬᠢᠨᠠᠨ ᠪᠠᠶᠢᠴᠠᠭᠠᠭᠰᠠᠨ | ᠲᠣᠭᠲᠠᠭᠠᠯ᠂ ᠬᠦᠷᠭᠡᠵᠦ ᠭᠦᠢᠴᠡᠳᠬᠡᠯᠭᠡᠬᠦ᠂ ᠳᠠᠩᠰᠠ ᠡᠪᠬᠡᠮᠡᠯ ᠳᠤ ᠣᠷᠣᠭᠤᠯᠤᠨ ᠬᠠᠮᠢᠶᠠᠷᠬᠤ ᠵᠡᠷᠭᠡ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠪᠦᠬᠦᠨ ᠢ ᠲᠡᠮᠳᠡᠭᠯᠡᠬᠦ ᠬᠡᠷᠡᠭᠲᠡᠶ᠃ ᠭᠤᠷᠪᠠ ᠳᠤ᠂ ᠬᠡᠷᠡᠭ | ᠰᠢᠭᠦᠬᠦ ᠵᠥᠪᠯᠡᠯ ᠤᠨ ᠬᠠᠮᠲᠤ ᠶᠢᠨ ᠬᠤᠷᠠᠯ ᠤᠨ ᠰᠢᠭᠦᠬᠦ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠳᠥᠷᠪᠡ ᠳᠤ᠂ | ᠬᠤᠲᠠ ᠶᠢᠨ ᠲᠣᠭᠠᠴᠢᠯᠠᠭᠰᠠᠨ ᠬᠠᠮᠢᠶᠠᠷᠤᠯᠲᠠ ᠶᠢᠨ ᠲᠥᠷᠥᠯ ᠵᠦᠢᠯ ᠢ ᠲᠦᠷᠭᠡᠬᠡᠨ ᠪᠡᠶᠡᠯᠡᠭᠦᠯᠵᠦ᠂ ᠡᠬᠢ ᠪᠠᠶᠠᠯᠢᠭ ᠢ | ᠬᠠᠮᠲᠤᠪᠠᠷ ᠡᠳ᠋ᠯᠡᠬᠦ ᠪᠠ ᠬᠠᠤᠯᠢ ᠬᠡᠷᠡᠭᠵᠢᠭᠦᠯᠦᠯᠲᠡ ᠶᠢᠨ ᠰᠢᠨᠵᠢᠯᠡᠬᠦ ᠤᠬᠠᠭᠠᠨᠴᠢᠯᠠᠯᠲᠠ ᠶᠢ ᠪᠡᠶᠡᠯᠡᠭᠦᠯᠬᠦ ᠬᠡᠷᠡᠭᠲᠡᠶ᠃ | ᠲᠠᠪᠤ ᠳᠤ᠂ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠳᠣᠲᠣᠭᠠᠳᠤ ᠶᠢ ᠬᠠᠮᠠᠭᠠᠯᠠᠬᠤ ᠠᠮᠤᠷ ᠲᠦᠪᠰᠢᠨ ᠢ ᠪᠠᠲᠤᠯᠠᠬᠤ ᠲᠣᠭᠲᠠᠴᠠ ᠪᠣᠯᠣᠨ ᠬᠠᠮᠲᠤᠷᠠᠭᠰᠠᠨ ᠬᠤᠷᠠᠯᠳᠤᠭᠠᠨ ᠤ | ᠳᠦᠷᠢᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠪᠠ ᠬᠠᠮᠢᠶᠠᠷᠬᠤ ᠶᠢᠨ ᠬᠤᠭᠤᠷᠣᠨᠳᠣᠬᠢ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ᠂ ᠬᠠᠮᠵᠢᠯᠴᠠᠨ ᠵᠠᠰᠠᠬᠤ ᠵᠡᠷᠭᠡ ᠨᠢᠭᠲᠠ | ᠬᠤᠯᠪᠣᠯᠳᠤᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠬᠦ ᠬᠡᠷᠡᠭᠲᠡᠶ᠃ ᠵᠢᠷᠭᠤᠭ᠎ᠠ ᠳᠤ᠂ ᠡᠳᠦᠷ | ᠲᠤᠲᠤᠮ ᠤᠨ ᠠᠵᠢᠯ ᠤᠨ ᠳᠤᠮᠳᠠ ᠬᠠᠤᠯᠢ ᠬᠡᠷᠡᠭᠵᠢᠭᠦᠯᠬᠦ ᠠᠵᠢᠯᠲᠠᠨ ᠤ ᠲᠣᠰ ᠪᠡᠶ᠎ᠡ ᠶᠢᠨ ᠬᠡᠪ ᠴᠢᠨᠠᠷ ᠢ | ᠳᠡᠭᠡᠭᠰᠢᠯᠡᠭᠦᠯᠵᠦ᠂ ᠰᠢᠨ᠎ᠡ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠶ᠃ ᠳᠣᠯᠤᠭ᠎ᠠ ᠳᠤ᠂ ᠪᠣᠯᠪᠠᠰᠤᠨ ᠢᠶᠠᠷ ᠬᠠᠤᠯᠢ | ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠪᠦᠷᠢ ᠶᠢ | ᠵᠢᠷᠤᠮᠵᠢᠭᠤᠯᠵᠤ᠂ ᠨᠢᠭᠡ ᠳᠤ ᠢᠯᠠ ᠭᠡᠷᠡᠴᠢ᠂ ᠬᠤᠶᠠᠷ ᠲᠤ ᠰᠤᠷᠭᠠᠨ ᠬᠦᠮᠦᠵᠢᠭᠦᠯᠬᠦ᠂ ᠭᠤᠷᠪᠠ ᠳᠤ ᠰᠢᠢᠳᠬᠡᠬᠦ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠭᠦᠢᠴᠡᠳᠬᠡᠵᠦ᠂ ᠦᠨᠳᠦᠰᠦ ᠪᠠᠷᠢᠮᠲᠠ ᠨᠢ ᠬᠠᠤᠯᠢ ᠳᠤ | ᠨᠡᠶᠢᠴᠡᠬᠦ᠂ ᠵᠢᠷᠣᠮᠵᠢᠯ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠠᠵᠢᠯᠯᠠᠭ᠎ᠠ ᠨᠢ ᠬᠠᠤᠯᠢ ᠳᠤ ᠨᠡᠶᠢᠴᠡᠬᠦ ᠶᠢ ᠪᠠᠲᠤᠯᠠᠬᠤ | ᠬᠡᠷᠡᠭᠲᠡᠶ᠃ | ᠳᠠᠷᠠᠭ᠎ᠠ ᠨᠢ᠂ ᠯᠢ ᠵᠢᠶᠠᠨ ᠾᠧ ᠨᠡᠷ ᠬᠤᠷᠢᠨᠭᠡᠷ ᠰᠢᠶᠠᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯᠯᠠᠭ᠎ᠠ ᠶᠢᠨ ᠵᠢᠯᠣᠭᠤᠳᠬᠤ ᠭᠠᠵᠠᠷ᠂ ︽ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ︾ | ᠶᠢ ᠬᠢᠨᠠᠨ ᠡᠵᠡᠮᠳᠡᠬᠦ ᠲᠠᠰᠤᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ |