| | 7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠡᠮᠦᠨ᠎ᠡ᠂ ᠰᠢᠶᠠᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ 7 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠶᠢᠨ ᠬᠠᠮᠲᠤ ︽ᠤᠭ ᠰᠠᠨᠠᠭ᠎ᠠ | ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ | ᠥᠷᠨᠢᠭᠦᠯᠬᠦ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠤᠬᠠᠢ ᠱᠠᠭᠠᠷᠳᠠᠯᠭ᠎ᠠ ᠶᠢ | ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠰᠢᠶᠠᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠰᠤᠷᠤᠯᠴᠠᠬᠤ ᠶᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠭᠠᠵᠤ᠂ ᠨᠠᠷᠢᠨ ᠬᠢᠨᠠᠮᠠᠭᠠᠶ | ᠥᠷᠨᠢᠭᠦᠯᠵᠦ᠂ ᠭᠦᠨᠵᠡᠭᠡᠶ ᠰᠤᠷᠤᠯᠴᠠᠨ᠂ ᠨᠡᠪᠲᠡᠷᠡᠲᠡᠯ᠎ᠡ ᠣᠶᠢᠯᠠᠭᠠᠬᠤ ᠪᠠᠷ ᠴᠢᠷᠮᠠᠶᠢᠬᠤ ᠬᠡᠷᠡᠭᠲᠡᠶ᠃ ︽ᠳᠥᠷᠪᠡ ᠶᠢ | ᠪᠣᠳᠠᠲᠠᠶᠢᠵᠢᠭᠤᠯᠬᠤ︾ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ ᠡᠯ᠎ᠡ | ᠵᠦᠶᠯ ᠤᠨ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠵᠦ᠂ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠦᠨ᠎ᠡ᠃ | ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠶᠢᠨ ᠴᠢᠬᠤᠯᠠ ᠱᠠᠭᠠᠷᠳᠠᠯᠭ᠎ᠠ | ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠵᠦᠶᠯ ᠤᠨ ᠠᠵᠢᠯ ᠢᠶᠠᠨ ᠯᠠᠪᠳᠠᠭᠤᠨ | ᠪᠠᠲᠤᠲᠠᠶ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠠᠷᠢᠬᠢ ᠲᠣᠯᠣᠭᠠᠶ ᠳᠠᠭᠠᠨ ᠬᠠᠳᠠᠩᠰᠢᠭᠤᠯᠵᠤ᠂ ᠪᠣᠳᠠᠲᠠᠶ ᠳᠤ ᠨᠠᠢᠳᠠᠪᠤᠷᠢᠵᠢᠭᠤᠯᠬᠤ᠂ ᠰᠢᠯᠢᠳᠡᠭ | ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠡᠷᠡᠭᠲᠡᠶ | ᠭᠡᠵᠦ ᠵᠢᠭᠠᠵᠤ ᠭᠠᠷᠭᠠᠪᠠ᠃ |